ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠪᠦᠯ ᠤᠨ ᠤᠯᠠᠷᠢᠯ ᠤᠨ ᠠᠶᠦᠯᠭᠦᠢ ᠦᠢᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠭᠰᠠᠨ
ᠨᠡᠶᠢᠲᠡᠯᠡᠭᠰᠡᠨ ᠴᠠᠭ᠄
2022/12/8
       ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠪᠦᠯ ᠤᠨ ᠤᠯᠠᠷᠢᠯ ᠤᠨ ᠠᠶᠦᠯᠭᠦᠢ ᠦᠢᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠭᠡ᠂ ᠤᠶᠢᠷ᠎ᠠ ᠳᠤ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠡᠪᠦᠯ ᠤᠨ ᠤᠯᠠᠷᠢᠯ ᠤᠨ ᠠᠶᠦᠯᠭᠦᠢ ᠦᠢᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠴᠠᠭᠠᠯᠲᠠ ᠬᠢᠵᠠᠢ᠃
       ᠪᠠᠶᠢᠴᠠᠭᠠᠬᠤ ᠳᠤᠭᠤᠶᠢᠯᠠᠩ ᠠᠴᠠ ᠣᠷᠣᠰᠢᠭᠤᠯᠭ᠎ᠠ ᠶᠢᠨ ᠭᠠᠵᠠᠷ ᠤᠨ ᠡᠯ᠎ᠠ ᠠᠵᠢᠯᠯᠠᠭᠠᠨ ᠤ ᠲᠦᠬᠦᠭᠡᠷᠦᠮᠵᠢ ᠶᠢ ᠪᠤᠳᠠᠳᠤ ᠭᠠᠵᠠᠷ ᠲᠤ ᠪᠠᠶᠢᠴᠠᠭᠠᠨ ᠦᠵᠡᠬᠦ ᠶᠢᠨ ᠬᠠᠮᠲᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠦᠷᠨᠢᠭᠦᠯᠬᠦ᠂ ᠡᠪᠦᠯ ᠤᠨ ᠤᠯᠠᠷᠢᠯ ᠤᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠭᠰᠡᠨ ᠪᠠᠶᠢᠳᠠᠯ ᠵᠡᠷᠭᠡ ᠬᠠᠮᠢᠶᠠᠲᠠᠢ ᠠᠵᠢᠯ ᠢ ᠭᠤᠣᠯᠳᠠᠯᠭ᠎ᠠ ᠲᠠᠢ ᠪᠠᠶᠢᠴᠠᠭᠠᠪᠠ᠃
       ᠪᠠᠶᠢᠴᠠᠭᠠᠬᠤ ᠳᠤᠭᠤᠶᠢᠯᠠᠩ ᠱᠠᠭᠠᠷᠳᠠᠬᠤ ᠳᠠᠭᠠᠨ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠨ᠂ ᠳᠠᠯᠳᠠ ᠭᠡᠮ ᠢ ᠪᠠᠶᠢᠴᠠᠭᠠᠨ ᠴᠡᠭᠴᠡᠯᠡᠬᠦ ᠡᠷᠴᠢᠮ ᠢᠶᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠡᠭᠦᠷᠭᠡ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ ᠬᠡᠪᠰᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠬᠠᠷᠢᠭᠤᠴᠠᠯᠭ᠎ᠠ ᠶᠢ ᠡᠭᠦᠷᠭᠡᠯᠡᠵᠦ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号