ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 12 ᠰᠠᠷ᠎ᠠ ᠶᠢᠨ 6 ᠤ ᠡᠳᠦᠷ ᠬᠤᠷᠠᠯ | ᠬᠤᠷᠠᠯᠳᠤᠭᠤᠯᠵᠤ᠂ 2023 ᠣᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ︔ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ 2023 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ | ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ | ᠫᠢᠩ ᠬᠤᠷᠠᠯ ᠢ ᠡᠷᠭᠢᠯᠡᠪᠡ᠃ | ᠬᠤᠷᠠᠯ ᠠᠴᠠ᠂ ᠡᠨᠡ ᠵᠢᠯ ᠪᠣᠯ ᠨᠠᠮ ᠪᠠ ᠤᠯᠤᠰ ᠤᠨ ᠲᠡᠦᠬᠡᠨ ᠳᠠᠬᠢ ᠲᠦᠢᠯ ᠤᠨ ᠴᠢᠬᠤᠯᠠ ᠨᠢᠭᠡ ᠵᠢᠯ | ᠮᠥᠨ᠃ ᠰᠠᠯᠬᠢ ᠳᠠᠪᠠᠯᠭᠠᠨ ᠰᠢᠷᠦᠭᠦᠰᠦᠭᠰᠡᠨ ᠳᠡᠯᠡᠬᠡᠢ ᠶᠢᠨ ᠣᠷᠴᠢᠨ ᠪᠠ ᠤᠯᠤᠰ ᠤᠨ ᠳᠣᠲᠣᠭᠠᠳᠤ ᠶᠢᠨ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠪᠡᠷᠬᠡ ᠬᠠᠲᠠᠭᠤᠵᠢᠯᠲᠠᠢ ᠬᠦᠨᠳᠦ ᠡᠭᠦᠷᠭᠡ ᠶᠢᠨ ᠡᠮᠦᠨ᠎ᠡ᠂ ᠰᠢ ᠶᠢᠨ | ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ | ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠥᠭᠵᠢᠯᠲᠡ ᠶᠢᠨ ᠶᠠᠰᠤ ᠴᠢᠨᠠᠷ | ᠲᠣᠭᠲᠠᠭᠤᠨ ᠢᠶᠠᠷ ᠳᠡᠭᠡᠭᠰᠢᠯᠡᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ ᠦᠯᠡᠮᠵᠢ ᠶᠡᠭᠡ | ᠦᠷ᠎ᠡ ᠪᠦᠲᠦᠭᠡᠯ ᠣᠯᠵᠤ᠂ ᠥᠭᠡᠷᠡᠴᠢᠯᠡᠯᠲᠡ ᠨᠡᠭᠡᠭᠡᠯᠲᠡ ᠪᠦᠭᠦ ᠲᠠᠯ᠎ᠠ ᠪᠠᠷ ᠭᠦᠨᠵᠡᠭᠡᠶᠢᠷᠡᠵᠦ᠂ ᠠᠵᠢᠯ ᠣᠯᠭᠤᠯᠲᠠ | ᠪᠠᠷᠠᠭᠠᠨ ᠤ ᠦᠨ᠎ᠡ ᠦᠨᠳᠦᠰᠦᠨ ᠳᠡᠭᠡᠨ ᠲᠣᠭᠲᠠᠭᠤᠨ ᠪᠠᠶᠢᠵᠤ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ | ᠠᠮᠤᠷ ᠲᠦᠪᠰᠢᠨ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠪᠦᠳᠦᠮᠵᠢᠳᠡᠢ ᠪᠣᠯᠵᠤ᠂ ᠠᠵᠤ ᠠᠬᠤᠢ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠪᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ | ᠡᠷᠭᠢᠯᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠯᠠᠪᠳᠠᠭᠤᠨ ᠪᠠᠲᠤᠲᠠᠢ | ᠠᠯᠬᠤᠮ ᠢ ᠠᠯᠬᠤᠵᠠᠢ ᠭᠡᠵᠦ ᠦᠵᠡᠪᠡ᠃ | ᠬᠤᠷᠠᠯ ᠠᠴᠠ᠂ ᠳᠠᠷᠠᠭ᠎ᠠ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠢᠯᠡᠯᠲᠡ ᠶᠢᠨ ᠵᠢᠯ ᠪᠣᠯᠣᠨ᠎ᠠ᠃ ᠢᠷᠡᠬᠦ ᠵᠢᠯ ᠤᠨ ᠠᠵᠤ | ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ | ᠶᠡᠭᠡ ᠪᠠᠷ ᠬᠥᠭᠵᠢᠭᠡᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ | ᠣᠷᠭᠠᠨᠢᠭ ᠢᠶᠠᠷ ᠤᠶᠠᠯᠳᠤᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ | ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠲᠣᠪᠤᠶᠢᠯᠭᠠᠨ ᠰᠠᠶᠢᠲᠤᠷ ᠬᠢᠵᠦ᠂ ᠬᠦᠨᠳᠦ ᠶᠡᠭᠡ ᠠᠶᠤᠯ | ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠠᠵᠤ ᠠᠬᠤᠢ ᠶᠢᠨ ᠡᠷᠭᠢᠯᠲᠡ ᠶᠢᠨ ᠪᠦᠬᠦᠯᠢ | ᠴᠣᠭᠴᠠ ᠶᠢᠨ ᠰᠠᠶᠢᠵᠢᠷᠠᠯᠲᠠ ᠶᠢ ᠠᠬᠢᠭᠤᠯᠵᠤ᠂ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠭᠦ ᠪᠠ ᠬᠡᠮᠵᠢᠶ᠎ᠡ ᠶᠢ | ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠶᠢ ᠰᠠᠶᠢᠲᠤᠷ ᠡᠭᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠢᠷᠡᠬᠦ ᠵᠢᠯ ᠳᠤ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠪᠣᠯᠣᠨ | ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠲᠦᠷᠦᠯ ᠤᠨ | ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ | ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ | ᠦᠷ᠎ᠡ ᠪᠦᠳᠤᠮᠵᠢ ᠶᠢ ᠬᠦᠴᠦᠯᠡᠨ ᠳᠡᠭᠡᠭᠰᠢᠯᠡᠭᠦᠯᠵᠦ᠂ ᠯᠠᠪᠳᠠᠭᠤᠨ ᠲᠣᠭᠲᠠᠭᠤᠨ ᠵᠣᠭᠤᠰᠤᠨ ᠤ ᠲᠦᠷᠦ ᠶᠢᠨ | ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠵᠤ᠂ ᠠᠵᠤ ᠦᠢᠯᠡᠰ ᠤᠨ ᠲᠦᠷᠦ ᠶᠢᠨ | ᠪᠣᠳᠣᠯᠭ᠎ᠠ ᠶᠢ ᠬᠥᠭᠵᠢᠭᠦᠯᠬᠦ ᠪᠠ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠲᠦᠷᠦ ᠶᠢᠨ ᠪᠣᠳᠣᠯᠭ᠎ᠠ ᠶᠢ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠳᠤ | ᠲᠥᠪᠯᠡᠷᠡᠭᠦᠯᠵᠦ᠂ ᠨᠡᠶᠢᠭᠡᠮ ᠤᠨ ᠲᠦᠷᠦ ᠶᠢᠨ ᠪᠣᠳᠣᠯᠭ᠎ᠠ ᠨᠢ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠬᠡᠷᠡᠭᠯᠡᠭᠡᠨ ᠤ | ᠰᠠᠭᠤᠷᠢᠯᠠᠬᠤ ᠦᠢᠯᠡᠳᠦᠯ ᠪᠠ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ | ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ ᠶᠢ ᠦᠨᠡᠨ ᠬᠦ ᠨᠠᠶᠢᠳᠠᠪᠤᠷᠢᠵᠢᠭᠤᠯᠵᠤ᠂ | ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠳᠡᠯᠭᠡᠭᠦ | ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠠᠬᠢᠭᠤᠯᠵᠤ᠂ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠡᠷᠴᠢᠮ ᠢ ᠨᠡᠩ ᠶᠡᠭᠡ ᠪᠠᠷ | ᠴᠢᠩᠭᠠᠷᠠᠭᠤᠯᠬᠤ ᠬᠡᠷᠡᠭᠲᠡᠢ᠃ ᠴᠢᠬᠤᠯᠠ ᠶᠡᠭᠡ ᠠᠵᠤ ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ ᠦᠭᠡᠢ ᠪᠠᠶᠢᠬᠤ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠵᠤ ᠠᠬᠤᠢ ᠶᠢᠨ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠵᠤ᠂ | ᠡᠵᠡᠮᠳᠡᠵᠦ᠂ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠦᠨᠡᠨ ᠬᠦ ᠠᠳᠬᠤᠵᠤ | ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠪᠦᠭᠦ ᠨᠡᠶᠢᠭᠡᠮ ᠤᠨ ᠠᠵᠢᠯ ᠬᠢᠵᠦ ᠦᠢᠯᠡᠰ ᠪᠣᠰᠬᠠᠬᠤ ᠠᠮᠢᠵᠢᠷᠠᠯ ᠤᠨ | ᠬᠦᠴᠦᠨ ᠢ ᠬᠥᠭᠵᠢᠭᠡᠵᠦ᠂ ᠺᠠᠳ᠋ᠷᠴᠤᠳ ᠵᠣᠷᠢᠭᠲᠠᠢ ᠪᠠᠷ ᠠᠵᠢᠯ ᠬᠢᠬᠦ᠂ ᠣᠷᠣᠨ ᠨᠤᠲᠤᠭ ᠤᠨ ᠬᠢᠨ ᠵᠣᠷᠢᠭᠲᠠᠢ ᠪᠠᠷ | ᠰᠢᠪᠲᠤᠯᠬᠤ᠂ ᠠᠵᠤ ᠠᠬᠤᠶᠢᠯᠠᠯ ᠤᠨ ᠬᠢᠨ ᠵᠣᠷᠢᠭᠲᠠᠢ ᠪᠠᠷ ᠬᠢᠬᠦ᠂ ᠤᠯᠠᠨ ᠲᠦᠮᠡᠨ ᠵᠣᠷᠢᠭᠲᠠᠢ ᠪᠠᠷ ᠡᠭᠦᠳᠦᠨ | ᠪᠦᠲᠦᠭᠡᠬᠦ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ | ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠪᠠ ᠨᠡᠭᠦᠷᠡᠰᠦ ᠴᠠᠭᠢᠯᠭᠠᠨ ᠲᠣᠰᠣ ᠬᠡᠢ ᠶᠢᠨ ᠲᠡᠭᠡᠭᠡᠪᠦᠷᠢ ᠬᠠᠩᠭᠠᠯᠭ᠎ᠠ | ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠦᠴᠢᠷᠳᠡᠯᠲᠡᠢ ᠤᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ᠂ ᠬᠥᠯᠥᠰᠦᠨ ᠠᠵᠢᠯᠴᠢᠨ ᠤ ᠴᠠᠯᠢᠩ ᠢ ᠥᠭᠭᠦ ᠶᠢ ᠪᠠᠲᠤᠯᠠᠵᠤ᠂ ᠠᠶᠤᠯᠭᠦᠢ | ᠦᠢᠯᠡᠳᠪᠦᠷᠢᠯᠡᠯ ᠪᠣᠯᠣᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠴᠢᠩᠭ᠎ᠠ ᠠᠳᠬᠤᠨ ᠪᠣᠳᠠᠲᠠᠢ | ᠠᠳᠬᠤᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠯᠠᠨ ᠵᠢᠯ ᠤᠨ ᠬᠠᠲᠠᠭᠤᠵᠢᠯᠲᠠᠢ | ᠴᠢᠷᠮᠠᠶᠢᠯᠭ᠎ᠠ ᠪᠠᠷ ᠲᠡᠮᠵᠢᠨ ᠪᠦᠳᠦᠮᠵᠢᠳᠡᠢ ᠠᠮᠵᠢᠯᠲᠠ ᠣᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ | ᠴᠢᠨᠠᠷᠲᠠᠢ ᠢᠯᠠᠯᠲᠠ ᠣᠯᠣᠭᠰᠠᠨ ᠪᠥᠭᠡᠳ ᠪᠦᠭᠦ ᠲᠠᠯ᠎ᠠ ᠪᠠᠷ ᠪᠠᠬᠢᠵᠢᠪᠡ᠂ ᠭᠡᠪᠡᠴᠦ ᠪᠦᠷᠢᠮᠦᠰᠦᠨ ᠠᠮᠵᠢᠯᠲᠠ ᠣᠯᠬᠤ ᠶᠢ | ᠪᠡᠶᠡᠯᠡᠭᠦᠯᠬᠦ ᠴᠠᠭ ᠬᠠᠷᠠᠬᠠᠨ ᠪᠣᠯᠣᠭᠠᠳᠤᠢ ᠪᠠᠶᠢᠨ᠎ᠠ᠃ ᠲᠣᠮᠣ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ | ᠰᠢᠢᠳᠪᠦᠷᠢᠯᠡᠬᠦ ᠰᠣᠨᠣᠷ ᠰᠡᠷᠡᠮᠵᠢ ᠪᠠ ᠡᠷᠡᠰ ᠪᠠᠲᠤ ᠪᠠᠶᠢᠬᠤ ᠶᠢ ᠴᠠᠭ ᠢᠮᠠᠭᠲᠠ ᠪᠠᠲᠤᠯᠠᠵᠤ᠂ ᠡᠭᠦᠷᠢᠳᠡ ᠵᠣᠭᠰᠣᠰᠢ | ᠦᠭᠡᠢ ᠬᠠᠳᠠᠨ ᠵᠣᠷᠢᠭ ᠢᠶᠠᠨ ᠴᠠᠭ ᠢᠮᠠᠭᠲᠠ ᠪᠠᠷᠢᠮᠲᠠᠯᠠᠵᠤ᠂ ᠨᠠᠮ ᠢ ᠪᠦᠭᠦ ᠲᠠᠯ᠎ᠠ ᠪᠠᠷ ᠡᠷᠡᠰ ᠭᠤᠶᠢᠪᠢᠰᠢ ᠦᠭᠡᠢ | ᠴᠢᠩᠭ᠎ᠠ ᠵᠠᠰᠠᠬᠤ ᠤᠯᠤᠰ ᠲᠦᠷᠦ ᠶᠢᠨ ᠪᠠᠲᠤ ᠬᠦᠴᠦᠨ ᠢ ᠴᠢᠨᠠᠭᠰᠢᠳᠠ ᠴᠢᠩᠭᠠᠳᠬᠠᠵᠤ᠂ ᠴᠢᠩᠭ᠎ᠠ ᠪᠠᠶᠢᠬᠤ ᠭᠦᠭ | ᠠᠶᠠᠰ᠂ ᠴᠢᠩᠭ᠎ᠠ ᠪᠠᠶᠢᠬᠤ ᠠᠷᠭ᠎ᠠ ᠬᠡᠮᠵᠢᠶ᠎ᠡ᠂ ᠴᠢᠩᠭ᠎ᠠ ᠪᠠᠶᠢᠬᠤ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ | ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠠᠭᠤᠤ ᠶᠡᠭᠡ ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ | ᠲᠤᠯᠲᠠᠯ᠎ᠠ ᠬᠢᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠢᠮᠠᠭᠲᠠ | ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠨᠠᠮ ᠤᠨ ᠳᠦᠷᠢᠮ ᠪᠣᠯᠣᠨ ᠦᠨᠳᠦᠰᠦᠨ | ᠬᠠᠤᠯᠢ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠨᠠᠮ ᠤᠨ | ᠥᠪᠡᠷ ᠪᠡᠶ᠎ᠡ ᠶᠢᠨ ᠬᠤᠪᠢᠰᠬᠠᠯ ᠬᠢᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠨᠠᠮ ᠢ ᠪᠦᠭᠦ | ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ ᠲᠤᠭᠤᠰᠢᠯᠠᠭᠤᠯᠵᠤ᠂ ᠰᠤᠷᠲᠠᠯ ᠢ | ᠲᠥᠪ ᠪᠤᠯᠭᠠᠵᠤ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ | ᠨᠠᠮ ᠪᠣᠯᠣᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠣᠯᠣᠳ ᠴᠡᠷᠢᠭ ᠢ ᠳᠠᠪᠲᠠᠨ ᠪᠤᠯᠪᠠᠰᠤᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ | ᠰᠢᠨ᠎ᠡ ᠠᠶᠠᠨ ᠳᠠᠬᠢ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠴᠢᠩᠭ᠎ᠠ ᠬᠦᠴᠦᠲᠡᠢ | ᠤᠯᠤᠰ ᠲᠦᠷᠦ ᠶᠢᠨ ᠬᠢᠨᠠᠯᠲᠠ ᠲᠠᠯᠪᠢᠬᠤ ᠪᠠᠷ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠣᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠵᠤ᠂ ︽ᠲᠤᠯᠤᠭᠠᠨ ᠪᠠᠶᠢᠬᠤ︾ ᠠᠰᠠᠭᠤᠳᠠᠯ ᠢ ᠴᠠᠭ ᠲᠤᠬᠠᠢ ᠳᠤᠨᠢ | ᠢᠯᠡᠷᠡᠭᠦᠯᠵᠦ᠂ ᠬᠦᠴᠦᠯᠡᠨ ᠰᠢᠢᠳᠪᠦᠷᠢᠯᠡᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠬᠠᠰᠢᠯᠭ᠎ᠠ ᠶᠢ ᠤᠷᠲᠤ | ᠬᠤᠭᠤᠴᠠᠭ᠎ᠠ ᠬᠤᠪᠢᠷᠠᠰᠢ ᠦᠭᠡᠢ ᠪᠠᠷ ᠪᠠᠬᠢᠵᠢᠭᠦᠯᠵᠦ᠂ ᠵᠢᠷᠭᠠᠨ ᠴᠡᠩᠭᠡᠭᠦ ᠱᠠᠯᠢᠨ ᠪᠦᠷᠢᠯᠭᠡᠬᠦ ᠰᠤᠷᠲᠠᠯ ᠢ | ᠴᠤᠬᠤᠶᠢᠬᠰᠠᠨ ᠳᠠᠷᠤᠢ ᠳᠤᠨᠢ ᠴᠣᠬᠢᠯᠲᠠ ᠥᠭᠴᠦ᠂ ᠵᠣᠷᠢᠭᠤᠳᠠ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠠᠭᠢᠨ ᠡᠭᠦᠰᠭᠦ ᠶᠢ ᠰᠡᠷᠭᠡᠶᠢᠯᠡᠵᠦ᠂ ᠲᠡᠯᠳᠡ ᠪᠠᠷ | ᠣᠨᠳᠣᠣᠰᠢᠬᠤ ᠶᠢ ᠰᠡᠷᠭᠡᠶᠢᠯᠡᠵᠦ᠂ ᠶᠠᠳᠠᠷᠠᠵᠤ ᠬᠠᠯᠠᠰᠢᠷᠠᠬᠤ ᠶᠢ ᠡᠷᠡᠰ ᠰᠡᠷᠭᠡᠶᠢᠯᠡᠵᠦ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠢ ᠭᠤᠣᠯᠳᠠᠯᠭ᠎ᠠ ᠲᠠᠢ ᠵᠠᠯᠠᠷᠠᠭᠤᠯᠵᠤ᠂ ᠠᠵᠢᠯ ᠤᠨ ᠳᠤᠮᠳᠠ ᠱᠠᠲᠤ ᠱᠠᠲᠤ ᠪᠠᠷ ᠡᠭᠦᠷᠭᠡ ᠬᠠᠷᠢᠭᠤᠴᠠᠯᠭ᠎ᠠ | ᠨᠡᠮᠡᠭᠦ᠂ ᠲᠠᠶᠢᠪᠤᠰᠢᠷᠠᠨ ᠰᠤᠯᠠᠷᠠᠬᠤ᠂ ᠡᠷᠬᠡ ᠪᠠᠨ ᠳᠤᠷ᠎ᠠ ᠪᠠᠷ ᠢᠶᠠᠨ ᠬᠡᠷᠡᠭᠯᠡᠬᠦ᠂ ᠬᠠᠷᠢᠭᠤᠴᠠᠯᠭ᠎ᠠ ᠡᠭᠦᠷᠭᠡᠯᠡᠬᠦ ᠦᠭᠡᠢ | ᠠᠵᠢᠯ ᠬᠢᠬᠦ ᠦᠭᠡᠢ ᠵᠡᠷᠭᠡ ᠠᠰᠠᠭᠤᠳᠠᠯ ᠢ ᠨᠢᠭᠲᠠ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨᠴᠢ ᠨᠠᠷᠢᠯᠢᠭ | ᠣᠨᠣᠴᠠᠲᠠᠢ ᠴᠡᠭᠴᠡᠯᠡᠨ ᠵᠠᠰᠠᠬᠤ ᠬᠡᠷᠡᠭᠲᠡᠢ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠲᠣᠪᠤᠶᠢᠮ᠎ᠠ | ᠪᠠᠶᠢᠷᠢᠨ ᠳᠤ ᠲᠠᠯᠪᠢᠵᠤ᠂ ᠴᠢᠩᠭ᠎ᠠ ᠪᠠᠶᠢᠬᠤ ᠱᠠᠭᠠᠷᠳᠠᠯᠭ᠎ᠠ ᠶᠢ ᠨᠠᠮ ᠤᠨ ᠲᠣᠭᠲᠠᠭᠠᠯ ᠲᠣᠭᠲᠠᠭᠠᠬᠤ᠂ ᠨᠠᠮ ᠤᠨ | ᠰᠠᠬᠢᠯᠭ᠎ᠠ ᠪᠠᠲᠤ ᠶᠢᠨ ᠬᠥᠮᠦᠵᠢᠯ ᠬᠢᠬᠦ᠂ ᠰᠠᠬᠢᠯᠭ᠎ᠠ ᠪᠠᠲᠤ ᠶᠢ ᠬᠡᠷᠡᠭᠵᠢᠭᠦᠯᠵᠦ ᠬᠢᠨᠠᠯᠲᠠ ᠲᠠᠯᠪᠢᠬᠤ ᠪᠦᠭᠦ ᠶᠠᠪᠤᠴᠠ ᠳᠤ | ᠲᠤᠭᠤᠰᠢᠯᠠᠭᠤᠯᠵᠤ᠂ ᠲᠡᠮᠦᠷ ᠮᠡᠲᠦ ᠰᠠᠬᠢᠯᠭ᠎ᠠ ᠪᠠᠲᠤ ᠳᠤ ︽ᠰᠢᠳᠤ ᠤᠷᠭᠤᠭᠤᠯᠵᠦ︾᠂ ᠡᠷᠬᠡ ᠰᠦᠷ ᠢ ᠨᠢ | ᠪᠠᠳᠠᠷᠠᠭᠤᠯᠬᠤ ᠪᠠᠷ ᠪᠠᠷᠠᠬᠤ ᠦᠭᠡᠢ ᠪᠠᠰᠠ ᠺᠠᠳ᠋ᠷᠴᠤᠳ ᠢ ᠰᠡᠬᠡᠭᠡᠷᠡᠭᠦᠯᠦᠨ ᠵᠤᠬᠰᠤᠬᠤ ᠪᠠᠨ ᠮᠡᠳᠡᠭᠦ ᠪᠤᠯᠭᠠᠬᠤ ᠬᠡᠷᠡᠭᠲᠡᠢ᠃ | ᠲᠦᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠢᠯᠵᠠᠷᠠᠯ ᠢ ᠡᠰᠡᠷᠭᠦᠴᠡᠬᠦ ᠲᠡᠮᠡᠴᠡᠯ ᠤᠨ | ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠰᠠᠶᠢᠲᠤᠷ ᠬᠢᠵᠦ᠂ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠠᠨᠠᠭ᠎ᠠ ᠪᠠᠨ ᠬᠤᠷᠢᠶᠠᠬᠤ ᠦᠭᠡᠢ ᠭᠠᠷ ᠢᠶᠠᠨ ᠲᠠᠲᠠᠬᠤ | ᠦᠭᠡᠢ᠂ ᠳᠤᠷ᠎ᠠ ᠵᠣᠷᠢᠭ ᠢᠶᠠᠷ ᠢᠶᠠᠨ ᠠᠭᠠᠰᠢᠯᠡᠭ᠌ᠰᠠᠳ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ | ᠭᠦᠨᠵᠡᠭᠡᠢ ᠠᠭᠤᠳᠠᠯᠤᠨ ᠨᠠᠷᠢᠯᠢᠭ ᠪᠠᠶᠢᠴᠠᠭᠠᠵᠤ᠂ ᠴᠢᠩᠭ᠎ᠠ ᠵᠠᠯᠬᠠᠭᠠᠨ ᠰᠢᠢᠳᠬᠡᠵᠦ᠂ ᠤᠯᠤᠰ ᠲᠦᠷᠦ ᠶᠢᠨ ᠠᠰᠠᠭᠤᠳᠠᠯ | ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠤᠨ ᠬᠡᠷᠡᠭ ᠢ ᠭᠤᠣᠯᠳᠠᠯᠭ᠎ᠠ ᠲᠠᠢ ᠪᠠᠶᠢᠴᠠᠭᠠᠨ | ᠰᠢᠢᠳᠪᠦᠷᠢᠯᠡᠵᠦ᠂ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠲᠥᠪᠯᠡᠷᠡᠭᠰᠡᠨ | ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡᠬᠢ | ︽ᠢᠯᠠᠭ᠎ᠠ ᠶᠢᠨ ᠢᠯᠵᠠᠷᠠᠯ︾ ᠢ ᠡᠷᠡᠰ ᠵᠠᠯᠬᠠᠭᠠᠨ ᠰᠢᠢᠳᠬᠡᠵᠦ᠂ ᠢᠯᠵᠠᠷᠠᠯ ᠡᠭᠦᠰᠭᠦ ᠬᠥᠷᠥᠰᠥ ᠰᠢᠷᠣᠢ ᠶᠢ ᠴᠢᠨᠠᠭᠰᠢᠳᠠ | ᠴᠡᠪᠡᠷᠯᠡᠨ ᠠᠷᠢᠯᠭᠠᠬᠤ ᠬᠡᠷᠡᠭᠲᠡᠢ᠃ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ | ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠤ᠂ ︽ᠨᠢᠭᠡᠳᠦᠭᠡᠷ ᠭᠠᠷ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ | ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠡᠭᠦᠨ ᠠᠴᠠ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠪᠠᠶᠢᠳᠠᠯ ᠪᠠ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ | ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠢᠷᠡᠬᠦ ᠵᠢᠯ ᠤᠨ 1 ᠰᠠᠷ᠎ᠠ ᠶᠢᠨ 9 ᠤ ᠡᠳᠦᠷ ᠠᠴᠠ 11 ᠤ ᠡᠳᠦᠷ ᠪᠤᠯᠲᠠᠯ᠎ᠠ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ | ᠬᠤᠷᠠᠯᠳᠤᠭᠤᠯᠬᠤ ᠶᠢ ᠵᠥᠪᠰᠢᠶᠡᠷᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |