2 ᠰᠠᠷ᠎ᠠ ᠶᠢᠨ 8 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ | ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠬᠤᠰᠢᠭᠤᠨ ᠤ ᠨᠠᠮ ᠤᠨ | ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ ᠬᠤᠶᠠᠳᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠴᠠᠩ ᠴᠢᠩ᠂ ᠴᠧᠨ ᠯᠦᠩ᠂ ᠳᠠᠰᠢᠵᠠᠮᠰᠦ᠂ ᠵᠢᠶᠠ | ᡁᠢ ᠺᠦᠢ ᠵᠡᠷᠭᠡ ᠪᠥᠬᠦ ᠬᠤᠰᠢᠭᠤᠨ ᠤ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ ᠪᠣᠯᠣᠨ ᠳᠥᠷᠪᠡᠨ ᠶᠡᠭᠡ | ᠤᠳᠤᠷᠢᠳᠬᠤ ᠪᠠᠭ ᠤᠨ ᠠᠯᠪᠠᠨ ᠭᠡᠷ ᠤᠨ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠵᠠᠢ᠃ | | | | | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠬᠤ ᠲᠤᠬᠠᠢ ᠲᠣᠭᠲᠠᠭᠠᠯ︾᠂ ︽︿ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ | ᠣᠷᠳᠣᠨ ᠤ ᠠᠶᠤᠯᠭᠦᠢ ᠦᠢᠯᠡᠳᠪᠦᠷᠢᠯᠡᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ | ᠲᠤᠬᠠᠢ ᠮᠡᠳᠡᠭᠦᠯᠦᠯᠲᠡ﹀ ᠶᠢ ᠤᠯᠠᠮᠵᠢᠯᠠᠨ ᠲᠠᠷᠬᠠᠭᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠮᠡᠳᠡᠭᠳᠡᠯ︾᠂ ᠪᠦᠬᠦ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠪᠥᠬᠡᠪᠠᠶᠠᠷ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠡᠨᠡᠬᠦ | ᠭᠤᠣᠯ ᠰᠡᠳᠦᠪ ᠢ ᠭᠦᠨᠵᠡᠭᠡᠢ ᠣᠶᠢᠯᠠᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ | ᠴᠤᠴᠠᠯᠲᠠ ᠦᠭᠡᠢ ᠲᠡᠮᠡᠴᠡᠬᠦ ᠬᠡᠷᠡᠭᠲᠡᠢ︔ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠡᠵᠡᠮᠰᠢᠵᠦ᠂ ᠲᠡᠭᠦᠨ ᠢ ᠲᠡᠷᠡ ᠬᠡᠪ ᠢᠶᠠᠷ ᠨᠢ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ | ᠪᠣᠯᠭᠠᠨ ᠬᠤᠪᠢᠷᠠᠭᠤᠯᠬᠤ ᠬᠡᠷᠡᠭᠲᠡᠢ︔ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠨᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠰᠢᠨ᠎ᠡ ᠦᠰᠦᠷᠦᠯᠲᠡ ᠶᠢ | ᠪᠡᠶᠡᠯᠡᠭᠦᠯᠦᠭᠰᠡᠨ ᠢ ᠭᠦᠨᠵᠡᠭᠡᠢ ᠲᠠᠨᠢᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠲᠤᠤᠱᠯᠠᠭᠤᠯᠬᠤ᠂ ᠮᠡᠳᠡᠬᠦ ᠢᠲᠡᠭᠡᠬᠦ | ᠠᠵᠢᠯᠯᠠᠬᠤ ᠶᠢ ᠨᠢᠭᠡᠳᠬᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ | ᠬᠡᠵᠢᠶᠡᠳᠡ ᠵᠣᠭᠰᠣᠰᠢ ᠦᠭᠡᠢ ᠶᠠᠪᠤᠭᠳᠠᠬᠤ ᠶᠢ ᠭᠦᠨᠵᠡᠭᠡᠢ ᠲᠠᠨᠢᠵᠤ᠂ ᠢᠮᠠᠭᠲᠠ ︽ᠰᠢᠯᠭᠠᠯᠲᠠ ᠳᠤ ᠣᠷᠤᠯᠴᠠᠬᠤ︾ | ᠬᠤᠷᠴᠠ ᠰᠡᠷᠭᠡᠭ ᠢᠶᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠵᠤ᠂ ᠰᠢᠯᠢᠳᠡᠭ ᠬᠢᠷᠢ | ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ | ᠭᠡᠵᠡᠢ᠃ | ᠪᠥᠬᠡᠪᠠᠶᠠᠷ᠂ ᠪᠦᠬᠦ ᠬᠤᠰᠢᠭᠤ ᠳᠠᠶᠠᠭᠠᠷ ᠢᠶᠠᠨ ᠠᠷᠠᠳ ᠲᠦᠮᠡᠨ ᠢ ᠳᠡᠭᠡᠳᠦᠯᠡᠬᠦ ᠠᠮᠢ ᠨᠠᠰᠤ ᠶᠢ ᠳᠡᠭᠡᠳᠦᠯᠡᠬᠦ | ᠣᠶᠢᠯᠠᠭᠠᠭᠳᠠᠬᠤᠨ ᠢ ᠪᠠᠷᠢᠮᠲᠠᠯᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ | ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠬᠠᠷᠢᠭᠤᠴᠠᠯᠭ᠎ᠠ ᠪᠠᠨ | ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠵᠤ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠤᠨ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ | ᠤᠯᠠᠨ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠪᠥᠬᠡᠪᠠᠶᠠᠷ ᠱᠠᠭᠠᠷᠳᠠᠬᠤ ᠳᠠᠭᠠᠨ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠶᠢ ᠭᠦᠨᠵᠡᠭᠡᠢ ᠵᠢᠭᠰᠠᠭᠠᠨ | ᠪᠠᠶᠢᠴᠠᠭᠠᠵᠤ᠂ ᠭᠤᠣᠯᠳᠠᠯᠭ᠎ᠠ ᠲᠠᠢ ᠬᠥᠮᠥᠰ ᠢ ᠰᠠᠶᠢᠲᠤᠷ ᠬᠠᠮᠢᠶᠠᠷᠤᠨ᠂ ᠵᠥᠷᠢᠴᠡᠯ ᠪᠠ ᠠᠰᠠᠭᠤᠳᠠᠯ ᠤᠨ | ᠵᠠᠩᠭᠢᠯᠠᠭ᠎ᠠ ᠶᠢ ᠣᠨᠣᠪᠴᠢᠲᠠᠶ ᠡᠷᠢᠨ ᠣᠯᠵᠤ᠂ ᠰᠢᠢᠳᠪᠦᠷᠢᠯᠡᠬᠦ ᠠᠷᠭ᠎ᠠ ᠪᠣᠳᠣᠯᠭ᠎ᠠ ᠶᠢ ᠨᠠᠷᠢᠨ ᠬᠢᠨᠠᠮᠠᠭᠠᠢ ᠰᠤᠳᠤᠯᠤᠨ᠂ | ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠶᠡᠭᠡ ᠪᠠᠷ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠪᠠ | ᠲᠣᠭᠲᠠᠭᠤᠨ ᠪᠤᠰᠤ ᠬᠦᠴᠦᠨ ᠵᠦᠢᠯ ᠢ ᠦᠨᠳᠦᠰᠦᠨ ᠱᠠᠲᠤᠨ ᠳᠤ ᠰᠢᠢᠳᠪᠦᠷᠢᠯᠡᠨ᠂ ᠴᠤᠬᠤᠶᠢᠵᠤ ᠪᠠᠶᠢᠭ᠎ᠠ ᠦᠶ᠎ᠡ | ᠳᠤᠨᠢ ᠰᠢᠢᠳᠪᠦᠷᠢᠯᠡᠨ᠂ ᠪᠥᠬᠦ ᠬᠤᠰᠢᠭᠤᠨ ᠤ ᠨᠡᠶᠢᠭᠡᠮ ᠤᠨ ᠶᠡᠭᠡ ᠲᠠᠯ᠎ᠠ ᠶᠢᠨ ᠪᠦᠬᠦᠯᠢ ᠴᠣᠭᠴᠠ ᠶᠢᠨ ᠲᠣᠭᠲᠠᠭᠤᠨ | ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ | ᠪᠥᠬᠡᠪᠠᠶᠠᠷ᠂ ᠤᠯᠤᠰ ᠲᠦᠷᠦ ᠶᠢᠨ ᠵᠥᠪ ᠴᠢᠭᠯᠡᠯ ᠢ ᠪᠠᠲᠤ ᠡᠵᠡᠮᠳᠡᠨ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠠᠨ ᠲᠦᠮᠡᠨ ᠬᠠᠨᠤᠮᠵᠢᠲᠠᠢ᠂ ᠠᠵᠤ ᠠᠬᠤᠶᠢᠯᠠᠯ ᠬᠠᠨᠤᠮᠵᠢᠲᠠᠢ | ᠬᠠᠷᠠᠯᠲᠠ ᠶᠢᠨ ᠤᠳᠤᠷᠢᠳᠤᠮᠵᠢ ᠶᠢ ᠪᠠᠲᠤ ᠪᠠᠬᠢ ᠪᠤᠢ ᠪᠤᠯᠭᠠᠨ᠂ ᠠᠯᠳᠠᠭ᠎ᠠ ᠶᠢ ᠪᠠᠶᠢᠴᠠᠭᠠᠨ ᠳᠤᠲᠠᠭᠤ ᠶᠢ | ᠨᠥᠬᠦᠪᠦᠷᠢᠯᠡᠵᠦ᠂ ᠠᠷᠭ᠎ᠠ ᠬᠡᠮᠵᠢᠶ᠎ᠡ ᠶᠢ ᠳᠡᠬᠦᠯᠳᠡᠷᠵᠢᠬᠦᠯᠦᠨ᠂ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠶᠢ | ᠡᠭᠦᠳᠬᠦ ᠶᠢ ᠲᠥᠪ ᠰᠠᠬᠢᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠠᠶᠢᠵᠢᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ ᠰᠠᠶᠢᠨ ᠰᠠᠶᠢᠬᠠᠨ ᠠᠵᠢᠯ ᠤᠨ ᠰᠤᠷᠲᠠᠯ ᠢ ᠢᠮᠠᠭᠲᠠ ᠪᠠᠷᠢᠮᠳᠠᠯᠠᠨ᠂ ᠬᠠᠷᠢᠭᠤᠴᠠᠯᠭ᠎ᠠ ᠶᠢ ᠴᠢᠩᠭ᠎ᠠ | ᠪᠣᠳᠠᠲᠠᠶᠢᠵᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠭᠠᠷᠭᠠᠬᠤ ᠶᠢ ᠴᠢᠩᠭᠠᠳᠬᠠᠨ᠂ ᠴᠠᠭ | ᠢᠮᠠᠭᠲᠠ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠬᠡᠪ ᠳᠠᠭᠤᠷᠢᠶᠠᠯ ᠪᠠᠷᠢᠮᠵᠢᠶ᠎ᠠ ᠶᠢ ᠳᠡᠭᠡᠭᠰᠢᠯᠡᠬᠦᠯᠦᠨ᠂ | ᠨᠠᠷᠢᠯᠢᠭ ᠠᠳᠬᠤᠨ ᠪᠠᠭ᠎ᠠ ᠶᠢ ᠠᠳᠬᠤᠵᠤ᠂ ᠬᠠᠮᠤᠭ ᠤᠨ ᠲᠦᠷᠭᠡᠨ ᠬᠤᠷᠳᠤᠴᠠ ᠪᠠᠷ ᠠᠬᠢᠭᠤᠯᠤᠨ᠂ ᠬᠠᠮᠤᠭ ᠤᠨ | ᠥᠨᠳᠥᠷ ᠦᠷ᠎ᠡ ᠪᠦᠲᠦᠮᠵᠢ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠦᠢᠯᠡᠰ ᠤᠨ ᠲᠠᠰᠤᠷᠠᠯᠲᠠ ᠦᠭᠡᠢ ᠰᠢᠨ᠎ᠡ | ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |