ᠮᠠᠨ ᠤ ᠬᠤᠰᠢᠭᠤᠨ ᠤ ᠰᠢᠨ᠎ᠡ ᠸᠠᠺᠼᠢᠨ ᠤ ᠲᠠᠷᠢᠯᠭ᠎ᠠ ᠶᠢᠨ ᠠᠵᠢᠯ ᠪᠥᠬᠦ ᠲᠠᠯ᠎ᠠ ᠪᠠᠷ ᠰᠡᠷᠭᠦᠪᠡ
ᠨᠡᠶᠢᠲᠡᠯᠡᠭᠰᠡᠨ ᠴᠠᠭ᠄
2022/2/10
     ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠵᠢᠴᠢ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ 2 ᠰᠠᠷ᠎ᠠ ᠶᠢᠨ 6 ᠤ ᠡᠳᠦᠷ ᠠᠴᠠ ᠡᠬᠢᠯᠡᠨ᠂ ᠮᠠᠨ ᠤ ᠬᠤᠰᠢᠭᠤ ᠪᠦᠬᠦᠯᠢ 3 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠥᠰ ᠤᠨ ᠰᠢᠨ᠎ᠡ  ᠲᠢᠳᠢᠮᠯᠢᠭ ᠸᠠᠺᠼᠢᠨ ᠤ ᠲᠠᠷᠢᠯᠭ᠎ᠠ ᠶᠢᠨ ᠠᠵᠢᠯ ᠢ ᠪᠥᠬᠦ ᠲᠠᠯ᠎ᠠ ᠪᠠᠷ ᠰᠡᠷᠭᠦᠭᠡᠵᠦ᠂ ᠪᠥᠬᠦ ᠬᠥᠮᠥᠰ ᠤᠨ ᠰᠢᠨ᠎ᠡ ᠸᠠᠺᠼᠢᠨ ᠤ ᠲᠠᠷᠢᠯᠭ᠎ᠠ ᠶᠢᠨ ᠪᠦᠷᠬᠦᠴᠡ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠥᠮᠥᠰ ᠤᠨ ᠦᠯᠦ ᠬᠠᠯᠳᠠᠭᠠᠬᠤ ᠬᠠᠯᠬᠠᠪᠴᠢ ᠶᠢ ᠨᠠᠩ ᠰᠠᠶᠢᠲᠤᠷ ᠴᠤᠭᠴᠠᠯᠠᠨ᠎ᠠ᠃
    ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ ᠰᠢᠨ᠎ᠡ ᠲᠢᠳᠢᠮᠯᠢᠭ ᠸᠠᠺᠼᠢᠨ ᠤ ᠲᠠᠷᠢᠯᠭ᠎ᠠ ᠶᠢᠨ ᠴᠡᠭ ᠲᠤ᠂ ᠳᠠᠷᠢᠭᠤᠯᠬᠤ ᠬᠦᠮᠦᠰ ᠪᠡᠶ᠎ᠡ ᠶᠢᠨ ᠳᠤᠯᠠᠭᠠᠨ ᠢᠶᠠᠨ ᠬᠡᠮᠵᠢᠨ᠂ ᠡᠷᠡᠭᠦᠯ ᠮᠡᠨᠳᠦ ᠶᠢᠨ ᠨᠣᠮᠧᠷ ᠢ ᠰᠢᠷᠪᠢᠵᠦ᠂ ᠪᠥᠬᠦ ᠶᠠᠪᠤᠴᠠ ᠳᠤ ᠠᠮᠠᠪᠴᠢ ᠵᠡᠬᠦᠨ᠂ ᠬᠤᠪᠢ ᠬᠥᠮᠥᠨ ᠤ ᠮᠡᠳᠡᠭᠡ ᠵᠠᠩᠭᠢ ᠶᠢ ᠳᠡᠩᠰᠡᠯᠡᠵᠦ᠂ ᠳᠠᠩᠰᠠᠯᠠᠭᠰᠠᠨ ᠤ ᠳᠠᠷᠠᠭ᠎ᠠ ᠡᠮᠬᠢ ᠵᠢᠷᠤᠮ ᠲᠠᠢ ᠪᠠᠷ ︽ᠨᠢᠭᠡ ᠮᠧᠲᠷ ᠤᠨ ᠱᠤᠭᠤᠮ︾ ᠤᠨ ᠵᠠᠢ ᠲᠠᠢ ᠮᠦᠷᠯᠡᠵᠦ᠂ ᠵᠦᠢ ᠵᠣᠬᠢᠰᠲᠠᠢ ᠲᠦᠷᠢᠮᠵᠢᠬᠦᠨ ᠲᠠᠰ ᠳᠠᠷᠠᠭᠠᠯᠠᠯ ᠢᠶᠠᠷ ᠸᠠᠺᠼᠢᠨ ᠤ ᠲᠠᠷᠢᠯᠭ᠎ᠠ ᠬᠢᠨ᠎ᠡ᠃
    ᠰᠠᠭᠤᠭᠠᠯᠢ ᠠᠷᠠᠳ ᠪᠦᠦ ᠮᠦ ᠯᠠᠨ ᠬᠡᠦᠬᠡᠳ ᠢᠶᠠᠨ ᠳᠠᠭᠠᠭᠤᠯᠤᠨ ᠰᠢᠨ᠎ᠡ ᠸᠠᠺᠼᠢᠨ ᠤ ᠲᠠᠷᠢᠯᠭ᠎ᠠ ᠬᠢᠯᠭᠡᠵᠦ᠂ ᠪᠦᠬᠦᠶᠢᠯᠡ ᠶᠠᠪᠤᠴᠠ ᠨᠢ ᠲᠥᠬᠦᠮ ᠮᠥᠷᠲᠡᠭᠡᠨ ᠲᠦᠷᠭᠡᠨ ᠭᠡᠵᠦ ᠬᠡᠯᠡᠨ᠎ᠡ᠃
    ᠰᠠᠭᠤᠭᠠᠯᠢ ᠠᠷᠠᠳ ᠪᠦᠦ ᠮᠦ ᠯᠠᠨ᠄ ︽ᠮᠢᠨᠤ ᠬᠡᠦᠬᠡᠳ 8 ᠨᠠᠰᠤᠳᠠᠢ᠂ ᠥᠨᠥᠳᠥᠷ ᠪᠣᠯ ᠬᠤᠶᠠᠳᠠᠭᠢ ᠵᠡᠬᠦᠦ ᠶᠢᠨ ᠲᠠᠷᠢᠯᠭ᠎ᠠ ᠬᠢᠬᠦ ᠪᠠᠷ ᠢᠷᠡᠭᠰᠡᠨ ᠶᠤᠮ᠂ ᠸᠠᠺᠼᠢᠨ ᠤ ᠲᠠᠷᠢᠯᠭ᠎ᠠ ᠬᠢᠬᠦ ᠨᠢ ᠬᠡᠦᠬᠡᠳ ᠤᠨ ᠲᠣᠰ ᠪᠡᠶ᠎ᠡ ᠳᠤ ᠠᠪᠴᠤ ᠬᠡᠯᠡᠪᠡᠯ ᠨᠢᠭᠡ ᠵᠦᠢᠯ ᠤᠨ ᠬᠠᠮᠠᠭᠠᠯᠠᠯᠲᠠ ᠮᠥᠨ᠂ ᠮᠥᠨ ᠴᠦ ᠳᠡᠷᠭᠡᠳᠡᠬᠢ ᠬᠥᠮᠥᠰ ᠲᠡᠭᠡᠨ ᠬᠠᠷᠢᠭᠤᠴᠠᠵᠤ ᠪᠠᠶᠢᠭ᠎ᠠ ᠶᠠᠪᠤᠳᠠᠯ ᠮᠥᠨ᠂ ᠡᠶᠢᠮᠦ ᠠᠴᠠ ᠪᠢᠳᠡ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠪᠠᠷ ᠳᠠᠭᠠᠵᠤ᠂ ᠪᠥᠬᠦ ᠶᠠᠪᠤᠴᠠ ᠶᠢᠨ ᠲᠠᠷᠢᠯᠭ᠎ᠠ ᠬᠢᠬᠦ ᠶᠢ ᠡᠷᠲᠡᠬᠡᠨ ᠪᠡᠶᠡᠯᠡᠭᠦᠯᠬᠦ ᠬᠡᠷᠡᠭᠲᠡᠢ︾ ᠭᠡᠵᠡᠢ᠃
    ᠠᠯᠳ᠋ᠬᠠᠮᠡᠭᠡᠯ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠪᠠᠶᠠᠷ᠄ ︽ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ ᠠᠴᠠ ᠡᠬᠢᠯᠡᠨ᠂ ᠪᠢᠳᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠠᠵᠢᠯ ᠤᠨ ᠲᠣᠬᠢᠷᠠᠭᠤᠯᠤᠯᠲᠠ ᠪᠠᠷ᠂ ᠬᠠᠮᠤᠭ ᠤᠨ ᠲᠡᠷᠢᠭᠦᠨ ᠳᠤ ᠬᠤᠰᠢᠭᠤᠨ ᠤ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠲᠤ ᠲᠠᠷᠢᠯᠭ᠎ᠠ ᠶᠢᠨ ᠲᠠᠯᠠᠪᠤᠷ ᠢ ᠪᠠᠶᠢᠷᠢᠯᠠᠭᠤᠯᠵᠤ᠂ ᠣᠲᠣ ᠶᠠᠭ 3 ︱ 11 ᠨᠠᠰᠤᠨ ᠤ ᠬᠡᠦᠬᠡᠳ ᠪᠠ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠢᠨ᠎ᠡ ᠲᠢᠳᠢᠮᠯᠢᠭ ᠸᠢᠷᠦ᠋ᠰ ᠤᠨ ᠲᠠᠷᠢᠯᠭ᠎ᠠ ᠬᠢᠵᠦ ᠪᠤᠢ᠃ ᠸᠠᠺᠼᠢᠨ ᠤ ᠲᠠᠷᠢᠯᠭ᠎ᠠ ᠬᠢᠬᠦ ᠪᠠᠷ ᠢᠷᠡᠭᠰᠡᠳ ᠤᠨ ᠰᠡᠳᠬᠢᠯᠭᠡ ᠦᠨᠳᠦᠷ ᠪᠠᠶᠢᠵᠦ᠂ ᠮᠠᠰᠢ ᠢᠳᠡᠪᠬᠢᠲᠡᠢ ᠪᠠᠶᠢᠨ᠎ᠠ︾ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号