ᠮᠠᠨ ᠤ ᠬᠤᠰᠢᠭᠤ ᠬᠤᠳᠠ ᠶᠢᠨ ᠳᠡᠰ ᠤᠨ ᠭᠤᠤᠯᠳᠠᠯᠭ᠎ᠠ ᠲᠠᠢ ᠲᠦᠷᠦᠯ ᠵᠦᠢᠯ ᠢ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠯᠦᠭᠡ ᠵᠤᠯᠭᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/2/15
     2 ᠰᠠᠷ᠎ᠠ ᠶᠢᠨ 14 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠳᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠮᠠᠨ ᠤ ᠬᠤᠰᠢᠭᠤ ᠬᠤᠳᠠ ᠶᠢᠨ ᠳᠡᠰ ᠤᠨ ᠭᠤᠤᠯᠳᠠᠯᠭ᠎ᠠ ᠲᠠᠢ ᠲᠦᠷᠦᠯ ᠵᠦᠢᠯ ᠢ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠯᠦᠭᠡ ᠵᠤᠯᠭᠠᠭᠤᠯᠬᠤ ᠬᠤᠷᠠᠯ ᠬᠤᠷᠠᠯᠳᠤᠭᠤᠯᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠵᠠᠰᠠᠭ ᠤᠨ ᠤᠷᠳᠤᠨ ᠤ ᠳᠡᠳ᠋ ᠬᠤᠰᠢᠭᠤᠨ ᠳᠠᠷᠤᠭ᠎ᠠ ᠲᠢᠶᠠᠨ ᠹᠧᠩ ᠯᠢᠨ ᠬᠤᠷᠠᠯ ᠳᠤ ᠤᠷᠤᠯᠴᠠᠪᠠ᠃
        ᠬᠤᠷᠠᠯ ᠳᠡᠭᠡᠷ᠎ᠡ᠂ ᠬᠤᠰᠢᠭᠤᠨ ᠤ ᠳᠠᠷᠢᠶᠠᠯᠠᠩ ᠮᠠᠯ ᠠᠵᠦ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ ᠳᠤᠪᠴᠢᠶ᠎ᠠ᠂ ᠤᠷᠤᠨ ᠰᠠᠭᠤᠴᠠ ᠶᠢᠨ ᠪᠠᠶᠢᠭᠤᠯᠤᠯᠳᠠ ᠶᠢᠨ ᠳᠤᠪᠴᠢᠶ᠎ᠠ᠂ ᠠᠷᠠᠳ ᠤᠨ ᠶᠠᠪᠤᠳᠠᠯ ᠤᠨ ᠳᠤᠪᠴᠢᠶ᠎ᠠ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠦᠢᠯᠡᠴᠢᠯᠡᠭᠡᠨ ᠤ ᠲᠦᠪ᠂ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠲᠦᠷᠦᠯ ᠵᠦᠢᠯ ᠤᠨ ᠬᠠᠷᠢᠭᠤᠴᠠᠬᠤ ᠨᠢᠭᠡᠴᠡ ᠶᠢᠨ ᠬᠠᠷᠢᠭᠤᠴᠠᠯᠭᠠᠳᠠᠳ ᠲᠦᠷᠦᠯ ᠵᠦᠢᠯ ᠪᠦᠷᠢ ᠶᠢᠨ ᠠᠬᠢᠴᠠ ᠶᠢᠨ ᠪᠠᠶᠢᠳᠠᠯ᠂ ᠤᠷᠤᠰᠢᠵᠦ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠳᠤᠬᠢᠷᠠᠭᠤᠯᠤᠯᠳᠠ  ᠶᠢᠨ ᠳᠤᠬᠠᠢ ᠳᠤᠰ ᠳᠤᠰ ᠬᠠᠷᠢᠭᠤ ᠮᠡᠳᠡᠬᠦᠯᠦᠯᠳᠡ ᠬᠢᠵᠠᠢ᠃     ᠲᠢᠶᠠᠨ ᠹᠧᠩ ᠯᠢᠨ ᠵᠢᠭᠠᠨ ᠭᠠᠷᠭᠠᠬᠤ ᠳᠠᠭᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠯᠤᠰ ᠲᠦᠷᠦ  ᠶᠢᠨ ᠵᠤᠭᠰᠤᠴᠠ ᠪᠠᠨ ᠦᠨᠡᠨᠬᠦ ᠳᠡᠭᠡᠭᠰᠢᠯᠡᠬᠦᠯᠦᠨ᠂ ᠬᠤᠳᠠ ᠶᠢᠨ ᠳᠡᠰ ᠤᠨ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠳᠠ   ᠶᠢ ᠲᠦᠷᠭᠡᠳᠭᠡᠬᠦ ᠴᠢᠬᠤᠯᠠ ᠴᠢᠨᠠᠷ᠂ ᠬᠦᠢᠴᠡᠳ ᠴᠢᠬᠤᠯᠠ ᠴᠢᠨᠠᠷ ᠪᠤᠯᠤᠨ ᠪᠠᠴᠢᠮ ᠳᠤᠯᠭᠠᠮ ᠴᠢᠨᠠᠷ  ᠢ ᠬᠦᠢᠴᠡᠳ ᠳᠠᠨᠢᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠲᠦᠷᠦ ᠶᠢᠨ ᠪᠤᠳᠤᠯᠭ᠎ᠠ ᠪᠢᠴᠢᠭ ᠮᠠᠲ᠋ᠧᠷᠢᠶᠠᠯ ᠭᠠᠷᠭᠠᠬᠤ ᠳᠠᠭᠠᠨ ᠨᠠᠷᠢᠯᠢᠭ ᠤᠨᠤᠪᠴᠢᠳᠠᠢ ᠡᠵᠡᠮᠳᠡᠵᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠬᠤ ᠭᠡᠷᠡᠭᠳᠡᠢ᠃ ᠶᠡᠭᠡ ᠳᠠᠯ᠎ᠠ ᠶᠢᠨ ᠤᠬᠠᠮᠰᠠᠷ ᠪᠤᠯᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠪᠤᠢ ᠪᠤᠯᠭᠠᠨ ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠵᠦ᠂ ᠤᠶᠤᠨ ᠬᠦᠴᠦᠨ ᠢᠶᠠᠨ ᠲᠦᠪᠯᠡᠷᠡᠬᠦᠯᠦᠨ ᠪᠤᠭᠤᠮᠳᠠ ᠶᠢ ᠰᠢᠪᠳᠤᠯᠤᠨ᠂ ᠡᠯ᠎ᠡ ᠭᠤᠤᠯᠳᠠᠯᠭ᠎ᠠ ᠲᠠᠢ ᠲᠦᠷᠦᠯ ᠵᠦᠢᠯ ᠤᠨ ᠭᠡᠷᠡᠭᠵᠢᠬᠦᠯᠦᠭᠳᠡᠬᠦ ᠶᠢ ᠪᠦᠬᠦ ᠬᠦᠴᠦᠨ ᠪᠦᠬᠦ ᠬᠤᠷᠳᠤᠴᠠ ᠪᠠᠷ ᠲᠦᠯᠬᠢᠨ ᠠᠬᠢᠭᠤᠯᠬᠤ ᠭᠡᠷᠡᠭᠳᠡᠢ᠃ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠭᠡᠨ᠂ ᠢᠳᠡᠪᠬᠢᠳᠠᠢ ᠨᠡᠪᠳᠡᠷᠡᠯᠴᠡᠨ ᠬᠠᠮᠵᠢᠯᠴᠠᠵᠦ᠂ ᠴᠠᠭ ᠬᠤᠭᠤᠴᠠᠭ᠎ᠠ ᠪᠤᠯᠤᠨ ᠡᠭᠦᠷᠭᠡ ᠶᠢᠨ ᠠᠬᠢᠴᠠ᠂ ᠬᠠᠷᠢᠭᠤᠴᠠᠬᠤ ᠬᠦᠮᠦᠨ ᠢᠶᠠᠨ ᠳᠤᠳᠤᠷᠬᠠᠶᠢᠯᠠᠨ᠂ ᠲᠦᠷᠦᠯ ᠵᠦᠢᠯ ᠤᠨ ᠤᠷᠤᠭᠰᠢᠳᠠᠢ ᠶᠠᠪᠤᠭᠳᠠᠬᠤ ᠶᠢ ᠬᠦᠴᠦᠨ  ᠢᠶᠠᠨ ᠬᠠᠮᠳᠤᠳᠬᠠᠨ ᠲᠦᠯᠬᠢᠨ ᠠᠬᠢᠭᠤᠯᠬᠤ ᠭᠡᠷᠡᠭᠳᠡᠢ᠃ ᠭᠤᠤᠯᠳᠠᠯᠭ᠎ᠠ ᠲᠠᠢ ᠲᠦᠷᠦᠯ ᠵᠦᠢᠯ ᠤᠨ ᠳᠤᠬᠢᠷᠠᠭᠤᠯᠵᠦ ᠱᠠᠭᠠᠷᠳᠠᠬᠤ ᠳᠤᠭᠳᠠᠴᠠ ᠶᠢ ᠳᠡᠬᠦᠯᠳᠡᠷᠵᠢᠬᠦᠯᠦᠨ᠂ ︽ᠨᠢᠭᠡ ᠭᠠᠷᠠᠭ ᠲᠤ ᠨᠢᠭᠡ ᠳᠤᠬᠢᠷᠠᠭᠤᠯᠬᠤ᠂ ᠨᠢᠭᠡ ᠰᠠᠷ᠎ᠠ ᠳᠤ ᠨᠢᠭᠡ ᠮᠡᠳᠡᠬᠦᠯᠬᠦ︾ ᠶᠢ ᠭᠡᠷᠡᠭᠵᠢᠬᠦᠯᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠬᠦᠯᠦᠨ ᠵᠤᠬᠢᠴᠠᠭᠤᠯᠤᠨ ᠰᠢᠢᠳᠪᠦᠷᠢᠯᠡᠬᠦ ᠭᠡᠷᠡᠭᠳᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号