ᠠᠯᠳ᠋ᠬᠠᠮᠡᠭᠡᠯ ᠪᠠᠯᠭᠠᠰᠦ ᠶᠢᠨ ᠪᠠᠯᠭᠠᠰᠤᠨ ᠤ ᠳᠤᠭᠤᠷᠢᠭ ᠳᠠᠬᠢ ᠲᠦᠷᠢᠶᠡᠰᠦᠨ ᠮᠠᠰᠢᠨ ᠳᠡᠷᠭᠡ ᠶᠢᠨ ᠡᠵᠡᠩᠨᠡᠯᠳᠡ ᠶᠢᠨ ᠦᠨ᠎ᠡ ᠬᠠᠩᠰᠢ ᠶᠢ ᠳᠤᠬᠢᠷᠠᠭᠤᠯᠬᠤ ᠰᠤᠨᠤᠰᠤᠨ ᠭᠡᠷᠡᠴᠢᠯᠡᠬᠦ ᠬᠤᠷᠠᠯ ᠬᠤᠷᠠᠯᠳᠤᠬᠤ ᠳᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠭᠵᠢᠬᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ  ᠤᠨ ᠠᠯᠪᠠᠨ ᠵᠠᠷᠯᠠᠯ ︵1 ᠳ᠋ᠤᠭᠡᠷ ᠳᠤᠭᠠᠳᠦ︶
ᠨᠡᠶᠢᠲᠡᠯᠡᠭᠰᠡᠨ ᠴᠠᠭ᠄
2022/2/15
     ᠵᠠᠰᠠᠭ ᠤᠨ ᠤᠷᠳᠤᠨ ᠤ ᠰᠢᠢᠳᠪᠦᠷᠢ ᠶᠢᠨ ᠰᠢᠨᠵᠢᠯᠡᠬᠦ ᠤᠬᠠᠭᠠᠨᠴᠢ ᠴᠢᠨᠠᠷ᠂ ᠠᠷᠠᠳᠴᠢᠯᠠᠯᠳᠦ ᠴᠢᠨᠠᠷ ᠪᠠ ᠢᠯᠡ ᠳᠤᠳᠤ ᠴᠢᠨᠠᠷ ᠢ ᠳᠡᠭᠡᠭᠰᠢᠯᠡᠬᠦᠯᠬᠦ ᠲᠦᠯᠦᠭᠡ᠂ ︽ᠪᠦᠬᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ᠶᠢᠨ ᠬᠠᠮᠢᠶ᠎ᠠ ᠪᠦᠬᠦᠢ ᠳᠤᠭᠳᠠᠭᠠᠯ ᠢ ᠦᠨᠳᠦᠰᠦᠯᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠭᠵᠢᠬᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ 2022 ᠤᠨ ᠤ 3 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨᠡᠬᠢ 10 ᠴᠠᠭ ᠲᠤ ᠬᠤᠰᠢᠭᠤᠨ ᠤ ᠦᠨᠳᠦᠰᠦᠳᠡᠨ ᠤ ᠰᠤᠶᠤᠯ ᠤᠨ ᠲᠦᠪ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳ᠋ᠬᠠᠮᠡᠭᠡᠯ ᠪᠠᠯᠭᠠᠰᠦ ᠶᠢᠨ ᠪᠠᠯᠭᠠᠰᠤᠨ ᠤ ᠳᠤᠭᠤᠷᠢᠭ ᠳᠠᠬᠢ ᠲᠦᠷᠢᠶᠡᠰᠦᠨ ᠮᠠᠰᠢᠨ ᠳᠡᠷᠭᠡ ᠶᠢᠨ ᠡᠵᠡᠩᠨᠡᠯᠳᠡ ᠶᠢᠨ ᠦᠨ᠎ᠡ ᠬᠠᠩᠰᠢ ᠶᠢ ᠳᠤᠬᠢᠷᠠᠭᠤᠯᠬᠤ ᠰᠤᠨᠤᠰᠤᠨ ᠭᠡᠷᠡᠴᠢᠯᠡᠬᠦ ᠬᠤᠷᠠᠯ ᠬᠤᠷᠠᠯᠳᠤᠬᠤ ᠪᠠᠷ ᠲᠦᠯᠦᠪᠯᠡᠨ ᠳᠤᠭᠳᠠᠪᠠ᠂ ᠤᠯᠤᠰ  ᠤᠨ ᠬᠦᠭᠵᠢᠬᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠤᠨ 2018 ᠤᠨ ᠤ 21 ᠳ᠋ᠤᠭᠡᠷ ᠳᠤᠭᠠᠳᠦ ᠵᠠᠷᠯᠢᠭ  ᠤᠨ ︽ᠵᠠᠰᠠᠭ ᠤᠨ ᠤᠷᠳᠤᠨ ᠦᠨ᠎ᠡ ᠬᠠᠩᠰᠢ ᠳᠤᠭᠳᠠᠭᠠᠬᠤ ᠰᠤᠨᠤᠰᠤᠨ ᠭᠡᠷᠡᠴᠢᠯᠡᠬᠦ ᠠᠷᠭ᠎ᠠ︾ ᠶᠢᠨ ᠳᠤᠭᠳᠠᠭᠠᠯ ᠢ ᠦᠨᠳᠦᠰᠦᠯᠡᠨ᠂ ᠡᠳᠦᠭᠡ ᠬᠤᠯᠪᠤᠭᠳᠠᠯ ᠪᠦᠬᠦᠢ ᠵᠦᠢᠯᠡᠰ ᠢ ᠳᠤᠤᠷ᠎ᠠ ᠵᠠᠷᠯᠠᠶ᠎ᠠ᠄     ᠨᠢᠭᠡ ᠳᠤ᠂ ᠳᠤᠰ ᠤᠳᠠᠭᠠᠨ ᠤ ᠰᠤᠨᠤᠰᠤᠨ ᠭᠡᠷᠡᠴᠢᠯᠡᠬᠦ ᠬᠤᠷᠠᠯ ᠳᠤ 34 ᠬᠦᠮᠦᠨ ᠤᠷᠤᠯᠴᠠᠨ᠎ᠠ᠃     1. ᠭᠡᠷᠡᠭᠯᠡᠭᠴᠢᠳ ᠠᠴᠠ 14 ᠨᠡᠷᠡᠰ ᠤᠷᠤᠯᠴᠠᠭᠤᠯᠤᠨ᠎ᠠ᠂ ᠰᠠᠶᠢᠨ ᠳᠤᠷ᠎ᠠ ᠠᠴᠠ ᠪᠠᠨ ᠨᠡᠷ᠎ᠡ ᠮᠡᠳᠡᠬᠦᠯᠵᠦ᠂ ᠳᠠᠰᠢᠷᠠᠮ ᠢᠶᠠᠷ ᠰᠤᠩᠭᠤᠨ ᠭᠠᠷᠭᠠᠬᠤ ᠪᠠ ᠭᠡᠷᠡᠭᠯᠡᠭᠴᠢᠳ ᠤᠨ ᠵᠤᠬᠢᠶᠠᠨ ᠪᠠᠶᠢᠭᠤᠯᠤᠯᠳᠠ ᠪᠤᠶᠤ ᠪᠤᠰᠤᠳ ᠤᠯᠠᠨ ᠲᠦᠮᠡᠨ ᠤ ᠵᠤᠬᠢᠶᠠᠨ ᠪᠠᠶᠢᠭᠤᠯᠤᠯᠳᠠ ᠠᠴᠠ ᠳᠠᠨᠢᠯᠴᠠᠭᠤᠯᠬᠤ ᠲᠠᠢ ᠤᠶᠠᠯᠳᠤᠭᠤᠯᠬᠤ ᠠᠷᠭ᠎ᠠ ᠪᠠᠷ ᠪᠤᠢ ᠪᠤᠯᠵᠦ᠂ ᠬᠦᠮᠦᠨ ᠤ ᠳᠤᠭ᠎ᠠ ᠶᠢ ᠬᠦᠢᠴᠡᠭᠡᠨ᠎ᠡ᠃     2. ᠲᠦᠷᠢᠶᠡᠰᠦᠨ ᠮᠠᠰᠢᠨ ᠳᠡᠷᠭᠡ ᠶᠢᠨ ᠵᠢᠯᠤᠭᠤᠴᠢ ᠶᠢᠨ ᠲᠦᠯᠦᠭᠡᠯᠡᠭᠴᠢ ᠶᠢ 8 ᠨᠡᠷᠡᠰ ᠤᠷᠤᠯᠴᠠᠭᠤᠯᠤᠨ᠎ᠠ᠂ ᠰᠠᠶᠢᠨ ᠳᠤᠷ᠎ᠠ ᠠᠴᠠ ᠪᠠᠨ ᠨᠡᠷ᠎ᠡ ᠮᠡᠳᠡᠬᠦᠯᠵᠦ᠂ ᠳᠠᠰᠢᠷᠠᠮ ᠢᠶᠠᠷ ᠰᠤᠩᠭᠤᠨ ᠭᠠᠷᠭᠠᠬᠤ ᠠᠷᠭ᠎ᠠ ᠪᠠ ᠵᠠᠰᠠᠭ ᠤᠨ ᠤᠷᠳᠤᠨ ᠤ ᠭᠤᠤᠯ ᠬᠠᠮᠢᠶᠠᠷᠬᠤ ᠰᠠᠯᠠᠭ᠎ᠠ ᠮᠦᠴᠢᠷ ᠤᠨ ᠳᠠᠨᠢᠯᠴᠠᠭᠤᠯᠭ᠎ᠠ ᠪᠠᠷ ᠪᠤᠢ ᠪᠤᠯᠤᠨ᠎ᠠ᠃     3. ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠷᠠᠳ ᠤᠨ ᠲᠦᠯᠦᠭᠡᠯᠡᠭᠴᠢ 4 ᠨᠡᠷᠡᠰ᠂ ᠡᠭᠦᠨ  ᠢ ᠨᠢᠭᠡᠴᠡ ᠠᠴᠠ ᠳᠠᠨᠢᠯᠴᠠᠭᠤᠯᠤᠨ᠎ᠠ᠃     4. ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ 2 ᠨᠡᠷᠡᠰ᠂ ᠡᠭᠦᠨ ᠢ ᠨᠢᠭᠡᠴᠡ ᠠᠴᠠ ᠳᠠᠨᠢᠯᠴᠠᠭᠤᠯᠤᠨ᠎ᠠ᠃     5. ᠵᠠᠬ᠎ᠠ ᠳᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠳᠤᠪᠴᠢᠶ᠎ᠠ ᠠᠴᠠ 2 ᠬᠦᠮᠦᠨ ᠤᠷᠤᠯᠴᠠᠭᠤᠯᠵᠦ᠂ ᠡᠭᠦᠨ ᠢ ᠨᠢᠭᠡᠴᠡ ᠠᠴᠠ ᠳᠠᠨᠢᠯᠴᠠᠭᠤᠯᠤᠨ᠎ᠠ᠃     6. ᠬᠠᠤᠯᠢ ᠴᠠᠭᠠᠵᠠ ᠶᠢᠨ ᠳᠤᠪᠴᠢᠶ᠎ᠠ ᠠᠴᠠ 1 ᠬᠦᠮᠦᠨ ᠤᠷᠤᠯᠴᠠᠭᠤᠯᠵᠦ᠂ ᠡᠭᠦᠨ ᠢ ᠨᠢᠭᠡᠴᠡ ᠠᠴᠠ ᠳᠠᠨᠢᠯᠴᠠᠭᠤᠯᠤᠨ᠎ᠠ᠃     7. ᠳᠤᠰᠬᠠᠢ ᠮᠡᠷᠭᠡᠵᠢᠯᠳᠡᠳ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠠᠴᠠ 3 ᠬᠦᠮᠦᠨ ᠤᠷᠤᠯᠴᠠᠭᠤᠯᠵᠦ᠂ ᠡᠭᠦᠨ ᠢ ᠦᠨ᠎ᠡ ᠬᠠᠩᠰᠢ ᠶᠢᠨ ᠭᠤᠤᠯ ᠬᠠᠮᠢᠶᠠᠷᠬᠤ ᠰᠠᠯᠠᠭ᠎ᠠ ᠮᠦᠴᠢᠷ ᠠᠴᠠ ᠤᠷᠢᠵᠦ ᠤᠷᠤᠯᠴᠠᠭᠤᠯᠤᠨ᠎ᠠ᠃     ᠬᠤᠶᠠᠷ ᠲᠤ᠂ ᠰᠤᠨᠤᠰᠤᠨ ᠭᠡᠷᠡᠴᠢᠯᠡᠬᠦ ᠬᠤᠷᠠᠯ ᠳᠤ 3 ᠬᠠᠵᠠᠭᠤ ᠠᠴᠠ ᠰᠤᠨᠤᠰᠤᠭᠴᠢᠳ ᠤᠨ ᠰᠠᠭᠤᠳᠠᠯ ᠳᠤᠬᠢᠷᠠᠭᠤᠯᠤᠨ᠎ᠠ᠃     ᠰᠤᠨᠤᠰᠤᠨ ᠭᠡᠷᠡᠴᠢᠯᠡᠬᠦ ᠬᠤᠷᠠᠯ ᠳᠤ ᠤᠷᠤᠯᠴᠠᠬᠤ ᠭᠡᠷᠡᠭᠯᠡᠭᠴᠢᠳ ᠤᠨ ᠨᠡᠷᠡᠰ ᠢ ᠳᠤᠭᠳᠠᠭᠠᠭᠰᠠᠨ ᠤ ᠳᠠᠷᠠᠭ᠎ᠠ᠂ ᠰᠤᠨᠤᠰᠤᠨ ᠭᠡᠷᠡᠴᠢᠯᠡᠬᠦ ᠬᠤᠷᠠᠯ ᠳᠤ ᠤᠷᠤᠯᠴᠠᠬᠤ ᠪᠠᠷ ᠨᠡᠷ᠎ᠡ ᠮᠡᠳᠡᠬᠦᠯᠦᠭᠰᠡᠨ ᠭᠡᠷᠡᠭᠯᠡᠭᠴᠢᠳ ᠤᠨ ᠳᠤᠳᠤᠷ᠎ᠠ ᠠᠴᠠ ᠳᠠᠰᠢᠷᠠᠮ ᠢᠶᠠᠷ ᠰᠤᠩᠭᠤᠨ ᠭᠠᠷᠭᠠᠨ᠎ᠠ᠃     ᠭᠤᠷᠪᠠ ᠳᠤ᠂ ᠰᠤᠨᠤᠰᠤᠨ ᠭᠡᠷᠡᠴᠢᠯᠡᠬᠦ ᠬᠤᠷᠠᠯ ᠳᠤ 2 ᠰᠤᠷᠪᠤᠯᠵᠢᠯᠠᠭᠴᠢ ᠶᠢᠨ ᠰᠠᠭᠤᠳᠠᠯ ᠳᠤᠬᠢᠷᠠᠭᠤᠯᠤᠨ᠎ᠠ᠃     ᠲᠦᠷᠪᠡ ᠳᠤ᠂ ᠨᠡᠷ᠎ᠡ ᠮᠡᠳᠡᠬᠦᠯᠬᠦ ᠴᠠᠭ᠄ 2022 ᠤᠨ ᠤ 2 ᠰᠠᠷ᠎ᠠ ᠶᠢᠨ 13 ᠤ ᠡᠳᠦᠷ — 2 ᠰᠠᠷ᠎ᠠ ᠶᠢᠨ 19 ᠤ ᠡᠳᠦᠷ᠃     ᠠᠯᠳ᠋ᠬᠠᠮᠡᠭᠡᠯ ᠪᠠᠯᠭᠠᠰᠦ ᠶᠢᠨ ᠪᠠᠯᠭᠠᠰᠦᠨ ᠤ ᠳᠤᠭᠤᠷᠢᠭ ᠲᠤ ᠰᠠᠭᠤᠭ᠎ᠠ᠂ ᠵᠤᠬᠢᠬᠤ ᠬᠡᠮᠵᠢᠶᠡᠨ ᠤ ᠶᠠᠷᠢᠵᠦ ᠢᠯᠡᠳᠬᠡᠬᠦ ᠴᠢᠳᠠᠪᠦᠷᠢ ᠲᠠᠢ᠂ ᠰᠠᠨᠠᠯ ᠰᠠᠨᠠᠭᠤᠯᠭ᠎ᠠ ᠪᠠᠨ ᠪᠤᠰᠤᠳᠴᠢ ᠪᠠ ᠲᠦᠪ ᠭᠤᠤᠯᠴᠢ ᠪᠠᠷ ᠢᠯᠡᠳᠭᠡᠵᠦ ᠴᠢᠳᠠᠬᠤ ᠪᠦᠭᠡᠳ ᠰᠤᠨᠤᠰᠤᠨ ᠭᠡᠷᠡᠴᠢᠯᠡᠬᠦ ᠬᠤᠷᠠᠯ ᠳᠤ ᠤᠷᠤᠯᠴᠠᠬᠤ ᠳᠤᠷᠠᠳᠠᠢ ᠰᠠᠭᠤᠭᠠᠯᠢ ᠠᠷᠠᠳ ᠪᠤᠯᠭᠠᠨ ᠬᠦᠴᠦᠨ ᠪᠦᠬᠦᠢ ᠪᠡᠶ᠎ᠡ ᠶᠢᠨ ᠬᠢᠷᠢ ᠬᠡᠮ ᠤᠨ ᠭᠡᠷᠡᠴᠢᠯᠡᠭᠡ ᠵᠢᠴᠢ ᠬᠠᠭᠤᠯᠪᠦᠷᠢ ᠢᠶᠠᠨ ᠠᠪᠴᠦ ᠬᠤᠰᠢᠭᠤᠨ ᠤ ᠬᠦᠭᠵᠢᠬᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ︵ᠵᠠᠰᠠᠭ ᠤᠨ ᠶᠠᠪᠤᠳᠠᠯ ᠤᠨ ᠶᠡᠷᠦᠩᠭᠡᠶᠢᠯᠡᠭᠰᠡᠨ ᠠᠰᠠᠷ ᠤᠨ 607 ᠳᠠᠰᠤᠭ︶ ᠳᠤ ᠬᠦᠷᠴᠦ ᠨᠡᠷ᠎ᠡ ᠮᠡᠳᠡᠬᠦᠯᠦᠭᠡᠷᠡᠢ᠃     ᠬᠠᠷᠢᠯᠴᠠᠬᠤ ᠬᠦᠮᠦᠨ᠄ ᠵᠢᠶᠠᠩ ᠸᠧᠢ     ᠬᠠᠷᠢᠯᠴᠠᠬᠤ ᠤᠳᠠᠰᠦ᠄ 0470-6404159       ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠭᠵᠢᠬᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ                       2022 ᠤᠨ ᠤ 2 ᠰᠠᠷ᠎ᠠ ᠶᠢᠨ 13 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号