ᠲᠠᠯ᠎ᠠ ᠨᠤᠳᠤᠭ ᠲᠤ ᠡᠪᠡᠰᠤ ᠮᠤᠳᠤ ᠶᠡᠭᠡ ᠪᠠᠷ ᠲᠠᠷᠢᠪᠡᠯ᠂ ᠨᠤᠳᠤᠭ ᠪᠡᠯᠴᠢᠭᠡᠷ ᠤᠨ ᠲᠠᠴᠢᠷᠳᠠᠯ ᠢ ᠵᠤᠠᠠᠰᠤᠭᠠᠵᠤ ᠲᠠᠶᠢᠯᠦᠨ᠎ᠠ ᠤᠤ︖
ᠨᠡᠶᠢᠲᠡᠯᠡᠭᠰᠡᠨ ᠴᠠᠭ᠄
2022/2/16
     ᠤᠳᠤᠬᠠᠨ ᠳᠤ ᠤᠯᠤᠰ ᠠᠴᠠ ᠡᠯᠡᠰᠦᠷᠭᠡᠭ ᠤᠷᠤᠨ ᠤ ᠠᠮᠢ ᠠᠬᠤᠢ ᠶᠢ ᠵᠠᠰᠠᠬᠤ ᠳᠤ ᠶᠡᠭᠡ ᠭᠡᠮᠵᠢᠶᠠᠨ ᠤ ᠵᠠᠷᠤᠳᠠᠯ ᠵᠠᠷᠤᠴᠠᠭᠤᠯᠵᠤ ᠪᠠᠶᠢᠨ᠎ᠠ᠃ ᠪᠠᠶᠢᠴᠠᠭᠠᠯᠳᠠ ᠶᠢ ᠦᠨᠳᠦᠰᠦᠯᠡᠪᠡᠯ ᠭᠤᠤᠯ ᠨᠢ ᠭᠤᠷᠪᠡᠨ ᠵᠦᠢᠯ ᠳᠤ ᠭᠡᠷᠡᠭᠯᠡᠵᠤ ᠪᠠᠶᠢᠨ᠎ᠠ᠃ ᠲᠤᠬᠠᠶᠢᠯᠠᠪᠠᠯ ᠮᠤᠳᠤ ᠲᠠᠷᠢᠬᠤ᠂ ᠨᠢᠰᠭᠡᠯ ᠢᠶᠠᠷ ᠡᠪᠡᠰᠤ ᠲᠠᠷᠢᠬᠤ ᠪᠠ ᠬᠤᠳᠳᠤᠭ ᠮᠠᠯᠳᠠᠵᠤ ᠬᠠᠰᠢᠶᠠᠯᠠᠵᠤ ᠲᠡᠵᠢᠭᠡᠭᠦ ᠳᠤ ᠭᠡᠷᠡᠭᠯᠡᠵᠤ ᠪᠤᠢ᠃ ᠪᠢᠳᠡᠨ ᠤ ᠦᠵᠡᠭᠦ ᠪᠠᠷ ᠬᠤᠳᠳᠤᠭ ᠮᠠᠯᠳᠠᠵᠤ ᠬᠠᠰᠢᠶᠠᠯᠠᠵᠤ ᠮᠠᠯᠵᠢᠬᠤ ᠨᠢ ᠰᠠᠨᠠᠭᠠᠴᠢᠯᠠᠭᠠᠳᠤ ᠠᠷᠭ᠎ᠠ ᠭᠡᠮᠵᠢᠶ᠎ᠠ ᠪᠤᠯᠬᠤ ᠠᠴᠠ ᠭᠠᠳᠠᠨ᠎ᠠ ᠨᠦᠭᠦᠭᠡ ᠬᠤᠶᠠᠷ ᠵᠦᠢᠯ ᠨᠢ ᠦᠯᠡᠮᠵᠢ ᠠᠷᠪᠢᠨ ᠪᠡᠯᠡ ᠤᠷᠤᠭᠤᠯᠴᠢᠬᠠᠭᠠᠳ ᠦᠷ᠎ᠡ ᠠᠰᠢᠭ ᠨᠢ ᠲᠤᠩ ᠪᠠᠭ᠎ᠠ ᠪᠠᠶᠢᠨ᠎ᠠ᠃ ᠲᠡᠭᠡᠪᠡᠯ ᠭᠠᠩ ᠬᠠᠭᠤᠷᠠᠢ ᠪᠤᠶᠤ ᠬᠠᠭᠠᠰ ᠭᠠᠩ ᠬᠠᠭᠤᠷᠠᠢ ᠭᠠᠵᠠᠷ ᠤᠷᠤᠨ ᠳᠤ ᠶᠠᠭᠠᠭᠢᠬᠤ ᠳᠠᠭᠠᠨ ᠮᠤᠳᠤ ᠲᠠᠷᠢᠬᠤ ᠨᠢ ᠵᠤᠭᠢᠰ ᠦᠭᠡᠢ ᠪᠤᠢ︖ ᠡᠨᠡ ᠨᠢ ᠲᠤᠤᠷᠠᠭᠢ ᠮᠡᠳᠤ ᠭᠡᠳᠦᠨ ᠰᠢᠯᠳᠠᠭᠠᠨ ᠪᠤᠢ᠃      ᠨᠢᠭᠡᠳᠦᠭᠡᠷ ᠲᠤ᠂ ᠡᠨᠡ ᠪᠤᠯ ᠪᠠᠶᠢᠭᠠᠯᠢ ᠶᠢᠨ ᠵᠢᠮ᠎ᠠ ᠶᠤᠰᠤ ᠮᠦᠨ᠃ ᠵᠢᠯ ᠤᠨ ᠲᠤᠮᠳᠠᠴᠢ ᠬᠤᠷ᠎ᠠ ᠲᠤᠨᠤᠳᠠᠰᠤ ᠶᠢᠨ ᠭᠡᠮᠵᠢᠶ᠎ᠠ ᠨᠢ 300mm ᠭᠦᠷᠭᠦ ᠦᠭᠡᠢ ᠭᠠᠵᠠᠷ ᠤᠷᠤᠨ ᠤ ᠪᠠᠶᠢᠭᠠᠯᠢᠯᠢᠬ ᠲᠠᠷᠬᠠᠯᠳᠠ ᠨᠢ ᠪᠤᠯ ᠡᠪᠡᠰᠤ ᠪᠡᠯᠴᠢᠭᠡᠷ ᠪᠤᠶᠤ ᠪᠤᠳᠠ ᠰᠦᠭᠡᠭ ᠪᠤᠯᠤᠨ᠎ᠠ᠃ ᠮᠤᠳᠤᠨ ᠤ ᠤᠷᠭᠤᠯᠳᠠ ᠶᠢᠨ ᠴᠢᠭᠢᠭ ᠤᠨ ᠭᠡᠮᠵᠢᠶ᠎ᠠ ᠪᠤᠯᠤᠨ ᠲᠤᠭᠢᠷᠠᠮᠵᠢᠳᠡᠢ ᠲᠤᠯᠠᠭᠠᠨ ᠤ ᠭᠡᠮᠵᠢᠶ᠎ᠠ ᠶᠢ ᠨᠢ ᠬᠠᠨᠭ᠍ᠭᠠᠵᠤ ᠲᠠᠶᠢᠯᠭᠦ ᠦᠭᠡᠢ ᠪᠤᠯ ᠮᠤᠳᠤ ᠠᠮᠢᠳᠤᠷᠠᠵᠤ ᠴᠢᠳᠠᠬᠤ ᠦᠭᠡᠢ ᠪᠦᠭᠡᠳ ᠠᠮᠢᠳᠤᠷᠠᠴᠢᠬᠠᠯ᠎ᠠ ᠭᠡᠳ ᠦᠨᠳᠤᠷ ᠤᠷᠭᠤᠵᠤ ᠴᠢᠳᠠᠬᠤ ᠦᠭᠡᠢ ᠶᠤᠮ᠃      ᠬᠤᠶᠠᠳᠤᠭᠠᠷ ᠲᠤ᠂ ᠭᠦᠷᠦᠰᠤ ᠰᠢᠷᠤᠢ ᠶᠢᠨ ᠭᠠᠨᠭ᠍ᠳᠠᠯ ᠢ ᠭᠦᠨᠳᠦᠷᠡᠭᠦᠯᠦᠨ᠎ᠠ᠃ ᠭᠠᠩ ᠬᠠᠭᠤᠷᠠᠢ ᠪᠤᠶᠤ ᠬᠠᠭᠠᠰ ᠭᠠᠩ ᠬᠠᠭᠤᠷᠠᠢ ᠭᠠᠵᠠᠷ ᠤᠷᠤᠨ ᠤ ᠠᠭᠤᠷᠰᠢᠯᠳᠡ ᠨᠢ ᠮᠠᠰᠢ ᠶᠡᠭᠡ ︵ᠬᠤᠷ᠎ᠠ ᠲᠤᠨᠤᠳᠠᠰᠤ ᠶᠢᠨ 10 ᠲᠠᠭᠢᠨ ᠠᠴᠠ ᠲᠡᠭᠡᠭᠰᠢ︶ ᠪᠠᠶᠢᠳᠠᠭ᠃ ᠭᠡᠷᠪᠡ ᠡᠪᠡᠰᠤ ᠪᠡᠯᠴᠢᠭᠡᠷ ᠤᠨ ᠪᠦᠳᠦᠮᠵᠢᠳᠡᠢ ᠪᠦᠷᠭᠦᠴᠡ ᠦᠭᠡᠢ ᠪᠤᠯ ᠨᠡᠩ ᠭᠦᠨᠳᠤ ᠨᠤᠴᠢᠳᠡᠢ ᠭᠠᠨᠭ᠍ᠳᠠᠬᠤ ᠪᠤᠯᠤᠨ᠎ᠠ᠃ ᠮᠤᠳᠤᠨ ᠤ ᠠᠮᠢ ᠠᠬᠤᠢ ᠶᠢᠨ ᠤᠰᠤ ᠬᠤᠷᠤᠠᠠᠳᠠᠭᠤᠯᠬᠤ ᠨᠢ ᠪᠤᠳᠠ ᠰᠦᠭᠡᠭ ᠪᠤᠯᠤᠨ ᠡᠪᠡᠰᠤ ᠪᠡᠯᠴᠢᠭᠡᠷ ᠤᠨ ᠬᠢ ᠠᠴᠠ ᠬᠤᠯᠡ ᠢᠯᠡᠭᠦᠤ ᠪᠠᠶᠢᠳᠠᠭ᠃ ᠡᠶᠢᠮᠤ ᠠᠴᠠ ᠤᠢ ᠮᠤᠳᠤ ᠲᠠᠷᠢᠪᠡᠯ ᠭᠠᠩ ᠭᠠᠨᠭ᠍ᠳᠡᠯ ᠢ ᠤᠯᠠᠮ ᠭᠦᠨᠳᠦᠷᠡᠭᠦᠯᠭᠦ ᠪᠤᠯᠤᠨ᠎ᠠ᠃ ᠲᠠᠯᠠᠷᠬᠠᠭ ᠭᠠᠵᠠᠷ ᠤᠷᠤᠨ ᠤ ᠤᠢ ᠮᠤᠳᠤ ᠲᠠᠷᠢᠠᠠᠰᠠᠨ ᠭᠠᠵᠠᠷ ᠲᠤ ᠦᠴᠦᠭᠡᠨ ᠡᠪᠡᠰᠤᠨ ᠲᠠᠪᠬᠤᠷᠭ᠎ᠠ ᠪᠤᠶᠤ ᠡᠪᠡᠰᠤᠨ ᠲᠠᠪᠬᠤᠷᠭ᠎ᠠ ᠦᠭᠡᠢ ᠪᠠᠶᠢᠬᠤ ᠶᠢ ᠦᠷᠭᠦᠯᠵᠢ ᠤᠯᠵᠤ ᠬᠠᠷᠠᠳᠠᠭ᠃ ᠡᠨᠡ ᠪᠤᠯ ᠲᠠᠷᠤᠢ ᠡᠶᠢᠮᠤ ᠯᠡ ᠰᠢᠯᠳᠠᠭᠠᠨ ᠠᠴᠠ ᠪᠤᠯᠤᠠᠠᠰᠠᠨ ᠶᠤᠮ᠃      ᠭᠤᠷᠪᠠᠳᠤᠭᠠᠷ ᠲᠤ᠂ ᠭᠠᠩ ᠬᠠᠭᠤᠷᠠᠢ ᠪᠤᠶᠤ ᠬᠠᠭᠠᠰ ᠭᠠᠩ ᠬᠠᠭᠤᠷᠠᠢ ᠤᠷᠤᠨ ᠳᠤ ᠮᠤᠳᠤ ᠲᠠᠷᠢᠬᠤ ᠨᠢ ᠭᠡᠷᠡᠭ ᠲᠠᠭᠡᠷ᠎ᠡ ᠪᠠᠨ ᠢᠯᠬᠠᠳᠠᠯ ᠢᠶᠠᠷ ᠲᠡᠭᠦᠰᠳᠡᠭ᠃ ᠰᠢᠯᠢ ᠶᠢᠨ ᠭᠤᠤᠯ ᠠᠶᠢᠮᠠᠭ ᠢᠶᠠᠷ ᠵᠢᠱᠢᠶᠡᠯᠡᠭᠦ ᠳᠤ᠂ ᠰᠢᠨ᠎ᠠ ᠲᠤᠮᠳᠠᠳᠤ ᠤᠯᠤᠰ ᠪᠠᠶᠢᠭᠤᠯᠤᠠᠠᠳ᠋ᠬᠠᠰᠠᠨ ᠠᠴᠠ ᠨᠠᠰᠢ ᠪᠦᠭᠦ᠋ᠢᠯᠡ ᠭᠠᠵᠠᠷ ᠤᠷᠤᠨ ᠤ ᠪᠠᠷᠤᠭ ᠬᠠᠭᠠᠰ ᠰᠢᠬᠠᠮ ᠪᠠᠶᠢᠭᠠᠯᠢ ᠶᠢᠨ ᠤᠢ ᠶᠢ ᠪᠠᠭᠳᠠᠭᠠᠠᠠᠰᠠᠨ ᠤᠢ ᠰᠢᠭᠤᠢ ᠶᠢᠨ ᠪᠦᠷᠭᠦᠴᠡ ᠶᠢᠨ ᠨᠤᠷᠮ᠎ᠠ ᠨᠢ 1% ᠳᠤ ᠭᠦᠷᠭᠦ ᠦᠭᠡᠢ ᠪᠠᠶᠢᠳᠠᠭ᠃ ᠲᠡᠭᠡᠪᠡᠯ᠂ ᠶᠡᠭᠡᠪᠡᠷ ᠲᠠᠷᠢᠠᠠᠰᠠᠨ ᠤᠢ ᠮᠤᠳᠤ ᠨᠢ ᠬᠠᠮᠢᠭ᠎ᠠ ᠤᠷᠤᠴᠢᠬᠠᠪᠠ ᠭᠡᠵᠤ ᠭᠦᠮᠦᠰ ᠯᠠᠪ ᠠᠰᠠᠭᠤᠬᠤ ᠪᠠᠶᠢᠬ᠎ᠠ᠃ ᠪᠤᠳᠠᠳᠠᠢ ᠪᠠᠶᠢᠳᠠᠯ ᠨᠢ ᠭᠡᠪᠡᠯ᠂ ᠵᠢᠯ ᠵᠢᠯ ᠮᠤᠳᠤ ᠲᠠᠷᠢᠭᠠᠳ᠂ ᠵᠢᠯ ᠵᠢᠯ ᠦᠭᠦᠭᠡᠳ ᠲᠠᠭᠤᠰᠴᠠᠢ᠃ ᠪᠠᠶᠢᠭᠠᠯᠢ ᠶᠢᠨ ᠲᠠᠯ᠎ᠠ ᠠᠴᠠ ᠠᠪᠴᠤ ᠭᠡᠯᠡᠪᠡᠯ᠂ ᠡᠨᠡ ᠪᠤᠯ ᠪᠤᠰᠤᠳᠴᠢ ᠵᠢᠮ᠎ᠠ ᠶᠤᠰᠤᠨ ᠤ ᠲᠤᠰᠬᠠᠯ ᠮᠦᠨ᠂ ᠮᠦᠨ ᠴᠦ ᠢᠢᠮᠤ ᠯᠡ ᠪᠠᠶᠢᠬᠤ ᠶᠤᠰᠤᠳᠠᠢ᠃ ᠭᠡᠪᠡᠴᠤ ᠭᠦᠮᠦᠨ ᠤ ᠲᠠᠯ᠎ᠠ ᠠᠴᠠ ᠠᠪᠴᠤ ᠭᠡᠯᠡᠪᠡᠯ᠂ ᠬᠠᠷᠢᠨ ᠶᠡᠭᠡ ᠭᠡᠮᠵᠢᠶᠠᠨ ᠤ ᠭᠦᠮᠦᠨ ᠤ ᠭᠦᠴᠤ᠂ ᠡᠳ᠋ ᠤᠨ ᠭᠦᠴᠤ ᠶᠢ ᠰᠦᠢᠳᠭᠡᠭᠡᠳ᠂ ᠠᠶᠠᠠᠳᠠᠭᠠᠨ ᠰᠡᠷᠭᠦᠭᠦ ᠡᠷᠭᠢᠮ ᠨᠠᠠᠳᠢᠨ ᠴᠠᠭ ᠢ ᠤᠳᠠᠭᠠᠰᠢᠷᠠᠭᠤᠯᠤᠠᠠᠰᠠᠨ ᠪᠠᠶᠢᠨ᠎ᠠ᠃ ᠡᠨᠡ ᠪᠤᠯ ᠭᠡᠪ ᠤᠨ ᠪᠤᠰᠤ ᠶᠠᠪᠤᠳᠠᠯ ᠮᠦᠨ᠃      ᠲᠦᠷᠪᠡᠳᠦᠭᠡᠷ ᠲᠤ᠂ ᠤᠢ ᠮᠤᠳᠤ ᠨᠢ ᠡᠯᠡᠰᠤᠨ ᠰᠢᠭᠤᠷᠭ᠎ᠠ ᠶᠢ ᠬᠠᠰᠢᠵᠤ ᠬᠤᠷᠢᠠᠠᠯᠠᠵᠤ ᠴᠢᠳᠠᠬᠤ ᠦᠭᠡᠢ᠃ ᠡᠯᠡᠰᠤᠨ ᠰᠢᠭᠤᠷᠭ᠎ᠠ ᠰᠦᠷᠡᠭᠡᠢ ᠲᠡᠭᠳᠡᠳᠡᠭ ᠬᠠᠪᠤᠷ ᠤᠨ ᠤᠯᠠᠷᠢᠯ ᠳᠤ ᠲᠤᠬᠠᠢ ᠶᠢᠨ ᠭᠠᠵᠠᠷ ᠲᠤᠨᠢ ᠠᠵᠢᠠᠠᠯᠠᠵᠤ ᠰᠢᠨᠵᠢᠯᠡᠭᠰᠡᠨ ᠢᠶᠠᠷ ᠪᠤᠯ᠂ ᠤᠯᠢᠶᠠᠰᠤᠨ ᠤᠢ ᠶᠢᠨ ᠲᠤᠳᠤᠷ᠎ᠠ ᠡᠯᠡᠰᠤ ᠲᠤᠭᠤᠰᠤ ᠮᠦᠨ ᠯᠡ ᠲᠡᠭᠳᠡᠵᠤ ᠪᠠᠶᠢᠳᠠᠭ᠃ ᠤᠢ ᠶᠢᠨ ᠭᠠᠳᠠᠨᠠᠭᠢ ᠦᠵᠡᠭᠳᠡᠴᠡ ᠨᠢ 5m ᠠᠴᠠ ᠤᠶᠢᠷ᠎ᠠ ᠪᠠᠶᠢᠬᠤ ᠳᠤ ᠪᠤᠳᠠ ᠮᠤᠳᠤ ᠪᠤᠯᠤᠨ ᠡᠪᠡᠰᠤᠨ ᠲᠠᠪᠬᠤᠷᠭ᠎ᠠ ᠶᠢᠨ ᠪᠦᠷᠭᠦᠴᠡ ᠪᠠᠷ ᠨᠡᠯᠢᠶᠡᠳ ᠰᠠᠶᠢᠨ ᠭᠠᠵᠠᠷ ᠤᠨ ᠦᠵᠡᠭᠳᠡᠴᠡ ᠨᠢ 200m ᠠᠴᠠ ᠴᠠᠰᠢ ᠪᠠᠶᠢᠳᠠᠭ᠃ ᠡᠭᠦᠨ ᠠᠴᠠ ᠤᠢ ᠮᠤᠳᠤ ᠨᠢ ᠡᠯᠡᠰᠤᠨ ᠰᠢᠭᠤᠷᠭ᠎ᠠ ᠶᠢ ᠬᠠᠰᠢᠵᠤ ᠬᠤᠷᠢᠠᠠᠯᠠᠵᠤ ᠲᠡᠶᠢᠯᠭᠦ ᠦᠭᠡᠢ ᠭᠡᠳᠡᠭ ᠢ ᠮᠡᠳᠡᠵᠤ ᠪᠤᠯᠤᠨ᠎ᠠ᠃ ᠲᠠᠭᠢᠪᠡᠯ ᠲᠡᠭᠡᠷ᠎ᠡ ᠲᠤᠷᠠᠳᠤᠠᠠᠰᠠᠨ 1% ᠶᠢᠨ ᠤᠢ ᠮᠤᠳᠤ ᠨᠢ ᠬᠠᠳᠠᠭᠠᠰᠤ ᠰᠢᠬ ᠰᠠᠭᠤᠠᠠᠳᠠᠪᠠᠴᠤ᠂ 99% ᠶᠢᠨ ᠭᠦᠷᠦᠰᠤ ᠰᠢᠷᠤᠢ ᠨᠢ ᠰᠤᠯᠠᠷᠠᠴᠢᠬᠠᠬᠤ ᠶᠤᠮ ᠴᠢᠨᠢ ᠲᠠᠷᠠ ᠨᠢ ᠶᠠᠮᠠᠷ ᠯᠡ ᠦᠢᠯᠡᠳᠦᠯ ᠦᠵᠡᠭᠦᠯᠵᠤ ᠴᠢᠳᠠᠬᠤ ᠪᠤᠢ︖ ᠲᠠᠷᠠᠴᠢᠯᠡᠨ ᠭᠦᠷᠤᠰᠤ ᠰᠢᠷᠤᠢ ᠶᠢ ᠲᠤᠠᠠᠳᠠᠪᠤᠷᠢᠵᠢᠭᠤᠯᠬᠤ ᠦᠢᠯᠡᠳᠦᠯ ᠨᠢ ᠡᠪᠡᠰᠤ ᠪᠡᠯᠴᠢᠭᠡᠷ ᠪᠤᠯᠤᠨ ᠪᠤᠳᠠ ᠰᠦᠭᠡᠭ ᠤᠨ ᠬᠢ ᠶᠢ ᠬᠤᠯᠠ ᠭᠦᠷᠭᠦ ᠦᠭᠡᠢ ᠪᠠᠶᠢᠳᠠᠯ᠎ᠠ ᠬᠠᠷᠢᠨ ᠭᠦᠮᠦᠰ ᠤᠨ ᠮᠤᠳᠤ ᠲᠠᠷᠢᠬᠤ ᠳᠤ ᠵᠠᠷᠤᠴᠠᠭᠤᠯᠤᠠᠠᠰᠠᠨ ᠵᠤᠭᠤᠰ ᠮᠦᠡᠭᠭᠦ ᠨᠢ ᠨᠤᠳᠤᠭ ᠪᠡᠯᠴᠢᠭᠡᠷ ᠢ ᠰᠡᠷᠭᠦᠭᠡᠭᠦ ᠦᠨ᠎ᠠ ᠴᠠᠨ᠎ᠠ ᠠᠴᠠ ᠬᠤᠯᠠ ᠲᠠᠪᠠᠭᠰᠠᠨ ᠪᠠᠶᠢᠳᠠᠭ᠃
 
ᠢᠷᠡᠯᠲᠡ᠄ ᠦᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号