ᠮᠠᠨ ᠤ ᠬᠤᠰᠢᠭᠤ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠰᠠᠶᠢᠳᠣᠷ ᠠᠳᠬᠤᠵᠣ ᠭᠤᠣᠯᠳᠠᠯᠭ᠎ᠠ ᠲᠠᠢ ᠬᠦᠮᠦᠰ ᠤᠨ ᠪᠦᠭᠡᠮ ᠬᠦᠴᠢᠯ ᠤᠨ ᠦᠯᠢᠭᠡᠷ ᠠᠪᠬᠤ ᠠᠵᠢᠯ ᠢ ᠡᠮᠬᠢ ᠵᠢᠷᠣᠮ ᠲᠠᠢ ᠶᠠᠪᠣᠭᠳᠠᠭᠤᠯᠵᠣ ᠪᠣᠢ
ᠨᠡᠶᠢᠲᠡᠯᠡᠭᠰᠡᠨ ᠴᠠᠭ᠄
2022/2/18
       ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠣᠯᠳᠠ ᠪᠠ ᠱᠠᠭᠠᠷᠳᠠᠯᠭ᠎ᠠ ᠢ ᠦᠨᠳᠦᠰᠦᠯᠡᠨ᠂ ᠣᠶᠢᠷ᠎ᠠ ᠳᠤ ᠬᠤᠰᠢᠭᠤᠨ ᠤ ᠠᠯᠳ᠋ᠬᠠᠮᠡᠭᠡᠯ ᠪᠠᠯᠭᠠᠰᠣ ᠶᠢᠨ ᠣᠶᠢᠷ᠎ᠠ ᠬᠠᠪᠢ ᠶᠢᠨ ᠭᠠᠴᠠᠭ᠎ᠠ ᠵᠢᠴᠢ ᠪᠣᠰᠣᠳ ᠵᠢᠷᠭᠤᠭᠠᠨ ᠰᠣᠮᠣ ᠪᠠᠯᠭᠠᠰᠣ ᠶᠢᠨ ᠭᠤᠣᠯᠳᠠᠯᠭ᠎ᠠ ᠲᠠᠢ ᠬᠦᠮᠦᠰ ᠲᠤ ᠪᠦᠭᠡᠮ ᠬᠦᠴᠢᠯ ᠤᠨ ᠪᠠᠶᠢᠴᠠᠭᠠᠯᠳᠠ ᠬᠢᠬᠦ ᠠᠵᠢᠯ ᠦᠷᠨᠢᠬᠦᠯᠵᠦ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠲᠦᠷᠪᠡᠨ ᠡᠷᠳᠡ︾ ᠪᠠᠶᠢᠬᠤ ᠱᠠᠭᠠᠷᠳᠠᠯᠭ᠎ᠠ ᠶᠢ ᠣᠯᠠᠮ ᠨᠢᠭᠡ ᠠᠯᠬᠤᠮ ᠲᠤᠤᠱᠯᠠᠭᠤᠯᠵᠤ᠂ ᠭᠤᠣᠯᠳᠠᠯᠭ᠎ᠠ ᠲᠠᠢ ᠬᠦᠮᠦᠰ ᠲᠤ ᠪᠦᠭᠡᠮ ᠬᠦᠴᠢᠯ ᠤᠨ ᠪᠠᠶᠢᠴᠠᠭᠠᠯᠳᠠ ᠬᠢᠬᠦ ᠠᠵᠢᠯ ᠢ ᠴᠢᠩᠭ᠎ᠠ ᠰᠠᠶᠢᠳᠣᠷ ᠬᠢᠵᠦ᠂ ᠪᠦᠬᠦ ᠬᠦᠴᠦᠨ ᠢᠶᠠᠷ  ᠢᠶᠠᠨ ᠲᠦᠭᠰᠢᠬᠦᠷᠢ ᠶᠢᠨ ᠳᠠᠯᠳᠠ ᠭᠡᠮ ᠢ ᠪᠠᠶᠢᠴᠠᠭᠠᠭᠰᠠᠨ ᠪᠠᠶᠢᠨ᠎ᠠ᠃        ᠦᠳᠡ ᠶᠢᠨ ᠡᠮᠦᠨᠡᠬᠢ 10 ᠴᠠᠭ ᠲᠤ᠂ ᠠᠯᠳ᠋ᠬᠠᠮᠡᠭᠡᠯ ᠪᠠᠯᠭᠠᠰᠣ ᠶᠢᠨ ᠪᠠᠶᠠᠨᠳᠡᠷᠡᠰᠦ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢ ᠰᠣᠪᠢᠯᠠᠭᠴᠢᠳ ᠠᠴᠠ ᠭᠡᠷ ᠲᠡᠭᠡᠨ ᠲᠤᠰᠠᠭᠠᠷᠯᠠᠵᠤ ᠪᠠᠶᠢᠭ᠎ᠠ ᠬᠦᠮᠦᠰ ᠤᠨ ᠭᠡᠷ ᠲᠤ ᠬᠦᠷᠴᠦ᠂ ᠲᠤᠬᠠᠢ ᠶᠢᠨ ᠲᠠᠯᠠᠪᠤᠷ ᠲᠤ ᠪᠥᠭᠡᠮ ᠬᠦᠴᠢᠯ ᠤᠨ ᠦᠯᠢᠭᠡᠷ ᠠᠪᠬᠤ ᠠᠵᠢᠯᠯᠠᠭ᠎ᠠ ᠦᠷᠨᠢᠬᠦᠯᠪᠡ᠃ ᠮᠠᠨ ᠤ ᠬᠤᠰᠢᠭᠤ ᠭᠠᠵᠠᠷ ᠨᠤᠲᠤᠭ ᠠᠭᠤᠳᠠᠮ ᠬᠥᠮᠦᠨ ᠠᠮᠠ ᠰᠡᠶᠢᠷᠡᠭ᠂ ᠲᠠᠷᠬᠠᠢ ᠪᠤᠲᠠᠷᠬᠠᠢ ᠰᠠᠭᠤᠷᠢᠰᠢᠵᠤ ᠪᠠᠶᠢᠬᠤ ᠪᠣᠯᠬᠤᠷ᠂ ᠣᠳᠣᠬᠠᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠶᠢᠳᠠᠯ ᠳᠤ ᠴᠢᠭᠯᠡᠭᠦᠯᠦᠨ᠂ ᠡᠯ᠎ᠡ ᠰᠤᠮᠤ ᠪᠠᠯᠭᠠᠰᠤ ᠶᠢᠨ ᠦᠨᠳᠦᠰᠦᠨ ᠱᠠᠳᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠪᠠᠶᠢᠭᠤᠯᠣᠮᠵᠢ ᠶᠢᠨ ︽ᠬᠠᠷᠠᠭᠤᠯ ᠤᠨ ᠭᠠᠵᠠᠷ︾ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠤᠨ ᠱᠠᠭᠠᠷᠳᠠᠯᠭ᠎ᠠ ᠶᠢ ᠴᠢᠩᠭ᠎ᠠ  ᠨᠠᠶᠢᠳᠠᠪᠣᠷᠢᠵᠢᠭᠤᠯᠵᠣ᠂ ᠭᠠᠴᠠᠭ᠎ᠠ ᠪᠠᠷ ᠦᠨᠳᠦᠰᠦᠨ ᠨᠢᠭᠡᠴᠡ ᠪᠣᠯᠭᠠᠨ᠂ ᠪᠦᠭᠡᠮ ᠬᠦᠴᠢᠯ ᠤᠨ ᠪᠠᠶᠢᠴᠠᠭᠠᠯᠳᠠ ᠶᠢᠨ ᠡᠭᠦᠷᠭᠡ ᠶᠢ ᠠᠮᠣᠷ ᠲᠦᠪᠰᠢᠨ ᠥᠨᠳᠥᠷ ᠦᠷ᠎ᠡ ᠪᠦᠲᠦᠮᠵᠢᠲᠡᠢ ᠪᠡᠶᠡᠯᠡᠬᠦᠯᠵᠡᠢ᠃        ᠳᠣᠰ ᠣᠳᠠᠭᠠᠨ ᠤ ᠪᠦᠭᠡᠮ ᠬᠦᠴᠢᠯ ᠤᠨ ᠦᠯᠢᠭᠡᠷ ᠠᠪᠬᠤ ᠠᠵᠢᠯ ᠢ ᠰᠠᠶᠢᠳᠣᠷ ᠬᠢᠬᠦ ᠶᠢᠨ ᠳᠣᠰᠠᠳᠠ᠂ ᠮᠠᠨ  ᠤ ᠬᠤᠰᠢᠭᠤ ᠨᠠᠷᠢᠨ ᠬᠢᠨᠠᠮᠠᠭᠠᠢ ᠪᠠᠶᠢᠷᠢᠯᠠᠭᠤᠯᠣᠨ᠂ ᠬᠢᠵᠢᠭ ᠤᠨ ᠪᠠᠶᠢᠳᠠᠯ ᠤᠨ ᠳᠠᠷᠬᠠᠬᠤ ᠶᠢ ᠴᠢᠩᠭ᠎ᠠ ᠰᠡᠷᠭᠡᠶᠢᠯᠡᠵᠦ᠂ ︽ᠬᠢᠨᠠᠨ ᠪᠠᠶᠢᠴᠠᠭᠠᠪᠠᠰᠣ ᠵᠣᠬᠢᠬᠤ ᠶᠢ ᠪᠦᠬᠦᠨ ᠢ ᠬᠢᠨᠠᠨ ᠪᠠᠶᠢᠴᠠᠭᠠᠬᠤ︾ ᠱᠠᠭᠠᠷᠳᠠᠯᠭ᠎ᠠ ᠶᠢ ᠦᠨᠳᠦᠰᠦᠯᠡᠨ᠂ 2 ᠰᠠᠷ᠎ᠠ  ᠶᠢᠨ 17 ᠤ ᠡᠳᠣᠷ ᠪᠣᠯᠳᠠᠯ᠎ᠠ᠂ ᠨᠡᠶᠢᠳᠡ 9449 ᠬᠦᠮᠦᠨ ᠳᠤ ᠪᠦᠭᠡᠮ ᠬᠦᠴᠢᠯ ᠤᠨ ᠦᠯᠢᠭᠡᠷ ᠠᠪᠬᠤ ᠬᠢᠨᠠᠨ ᠪᠠᠶᠢᠴᠠᠭᠠᠯᠳᠠ ᠬᠢᠵᠦ᠂ ᠪᠦᠬᠦᠨ ᠢᠶᠠᠷ ᠢᠶᠠᠨ ᠪᠢᠯᠢᠭ ᠴᠢᠨᠠᠷ ᠢᠯᠡᠷᠡᠭᠰᠡᠨ ᠪᠠᠶᠢᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号