ᠰᠢᠳᠦ ᠬᠢᠯᠭᠡᠬᠦ ᠶᠢ ᠡᠮ ᠡᠮᠨᠡᠯᠭᠡ ᠶᠢᠨ ᠳᠠᠭᠠᠳᠬᠠᠯ ᠳᠤ ᠣᠷᠣᠭᠤᠯᠬᠤ ᠪᠠᠷ ᠴᠢᠷᠮᠠᠶᠢᠵᠤ ᠪᠤᠢ
ᠨᠡᠶᠢᠲᠡᠯᠡᠭᠰᠡᠨ ᠴᠠᠭ᠄
2022/2/21
     11 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠡᠮ ᠤᠨ ᠵᠦᠢᠯ ᠪᠠ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠬᠤ ᠶᠢ ᠭᠦᠨᠵᠡᠭᠡᠶᠢᠷᠡᠭᠦᠯᠬᠦ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠲᠠᠨᠢᠯᠴᠠᠭᠤᠯᠪᠠ᠃      ᠬᠤᠷᠠᠯ ᠳᠡᠭᠡᠷ᠎ᠡ᠂ ᠥᠷᠭᠡᠨ ᠢᠶᠠᠷ ᠠᠩᠬᠠᠷᠤᠭᠳᠠᠵᠤ ᠪᠠᠶᠢᠭ᠎ᠠ ᠰᠢᠳᠦ ᠬᠢᠯᠭᠡᠬᠦ ᠠᠰᠠᠭᠤᠳᠠᠯ ᠤᠨ ᠲᠤᠬᠠᠶ᠂ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠶᠢᠨ ᠹᠦ᠋ ᠢᠯᠡᠷᠬᠡᠶᠢᠯᠡᠬᠦ ᠳᠡᠭᠡᠨ᠂ ᠰᠢᠳᠦ ᠬᠢᠯᠭᠡᠬᠦ ᠪᠣᠯ ᠳᠤᠲᠠᠭᠳᠠᠭᠰᠠᠨ ᠰᠢᠳᠦ ᠶᠢ ᠵᠠᠰᠠᠨ ᠡᠳᠡᠭᠡᠷᠡᠭᠦᠯᠬᠦ ᠴᠢᠬᠤᠯᠠ ᠠᠷᠭ᠎ᠠ ᠮᠠᠶ᠋ᠢᠭ ᠮᠥᠨ᠂ ᠨᠡᠶᠢᠭᠡᠮ ᠤᠨ ᠬᠡᠷᠡᠭᠴᠡᠭᠡ ᠮᠠᠰᠢ ᠶᠡᠭᠡ ᠪᠠᠶᠢᠨ᠎ᠠ᠃ ᠰᠢᠳᠦ ᠬᠢᠯᠭᠡᠬᠦ ᠶᠢ ᠳᠠᠭᠠᠳᠬᠠᠯ ᠳᠤ ᠣᠷᠣᠭᠤᠯᠬᠤ ᠠᠵᠢᠯ ᠢ ᠨᠢᠳᠤᠨᠤᠨ ᠤ ᠡᠬᠢᠨ ᠠᠴᠠ ᠡᠬᠢᠯᠡᠨ ᠪᠠᠶᠢᠷᠢᠯᠠᠭᠤᠯᠵᠤ᠂ ᠰᠧᠴᠤᠸᠠᠨ ᠠᠴᠠ ᠮᠤᠵᠢ ᠶᠢᠨ ᠬᠤᠭᠤᠷᠣᠨᠳᠣᠬᠢ ᠬᠤᠯᠪᠣᠭ᠎ᠠ ᠶᠢ ᠵᠣᠬᠢᠶᠠᠨ ᠪᠠᠶᠢᠭᠤᠯᠤᠨ᠂ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠬᠤ ᠲᠦᠷᠢᠮ ᠢ ᠰᠤᠳᠤᠯᠪᠠ᠂ ᠤᠳᠤ ᠲᠥᠰᠦᠯ ᠦᠨᠳᠦᠰᠦᠨ ᠳᠡᠭᠡᠨ ᠪᠣᠯᠪᠠᠰᠤᠷᠠᠩᠭᠤᠢ ᠪᠣᠯᠤᠭᠰᠠᠨ ᠪᠥᠭᠡᠳ ᠡᠮᠴᠢᠯᠡᠭᠡ᠂ ᠠᠵᠤ ᠠᠬᠤᠶᠢᠯᠠᠯ ᠪᠣᠯᠤᠨ ᠡᠯ᠎ᠡ ᠭᠠᠵᠠᠷ ᠤᠨ ᠰᠠᠨᠠᠯ ᠢ ᠥᠷᠭᠡᠨ ᠢᠶᠠᠷ ᠰᠣᠨᠣᠰᠴᠤ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠬᠤ ᠡᠶᠢᠮᠦ ᠨᠢᠭᠡᠨ ᠣᠷᠣᠨ ᠨᠤᠲᠤᠭ ᠤᠨ ᠬᠤᠯᠪᠣᠭᠠᠨ ᠤ ᠥᠭᠡᠷᠡᠴᠢᠯᠡᠯᠲᠡ ᠶᠢ ᠬᠢᠬᠦ ᠪᠠᠷ ᠪᠡᠯᠡᠳᠬᠡᠵᠦ ᠪᠠᠶᠢᠨ᠎ᠠ᠃ ︽ᠡᠨᠡ ᠨᠢ ᠦᠨᠡᠨ ᠳᠡᠭᠡᠨ ᠪᠠᠰᠠ ᠴᠤ ᠤᠯᠤᠰ ᠤᠨ ᠭᠤᠤᠯ ᠤᠳᠤᠷᠢᠳᠤᠮᠵᠢ ᠶᠢᠨ ᠳᠤᠤᠷᠠᠬᠢ ᠨᠢᠭᠡ ᠵᠦᠢᠯ ᠤᠨ ᠪᠠᠶᠢᠷᠢᠯᠠᠭᠤᠯᠤᠯᠲᠠ ᠪᠣᠯᠤᠨ᠎ᠠ᠂ ᠰᠢᠳᠦᠨ ᠤ ᠡᠮᠨᠡᠯᠭᠡ ᠶᠢᠨ ᠰᠢᠳᠦ ᠰᠢᠭᠠᠵᠤ ᠬᠢᠯᠭᠡᠬᠦ ᠴᠣᠭᠴᠠ ᠳᠤ ᠰᠦᠪᠡᠭᠴᠢᠯᠡᠯᠲᠡ ᠬᠢᠭᠰᠡᠨ ᠨᠢᠭᠡ ᠵᠦᠢᠯ ᠤᠨ ᠲᠥᠪᠯᠡᠷᠡᠭᠦᠯᠦᠨ ᠬᠤᠳᠠᠯᠳᠤᠨ ᠠᠪᠬᠤ ᠠᠷᠭ᠎ᠠ ᠮᠠᠶ᠋ᠢᠭ ᠪᠣᠯᠤᠨ᠎ᠠ︾᠃
 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号