ᠤᠷᠢᠬᠠᠨ ᠬᠠᠪᠤᠷ ᠤᠨ ᠦᠪᠡᠳᠡᠭᠰᠢ ᠬᠤᠷᠠᠯ ᠳᠤ ᠪᠣᠯᠵᠣᠭᠰᠠᠨ ᠲᠥᠯᠥᠭᠡᠯᠡᠭᠴᠢᠳ ᠭᠡᠰᠢᠭᠦᠳ ᠤᠨ ᠰᠡᠳᠬᠢᠯ ᠤᠨ ᠦᠭᠡ
ᠨᠡᠶᠢᠲᠡᠯᠡᠭᠰᠡᠨ ᠴᠠᠭ᠄
2022/2/24
     2 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠮᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠠᠯᠭᠠᠭ᠎ᠠ ᠪᠠᠷ ᠶᠡᠭᠡ ᠬᠤᠷᠠᠯ ᠳᠤ ᠨᠡᠷ᠎ᠡ ᠮᠡᠳᠡᠭᠦᠯᠵᠦ᠂ ᠬᠥᠯᠥᠨ ᠪᠤᠶᠢᠷ ᠬᠤᠲᠠ 2022 ᠣᠨ ᠤ ︽ᠬᠤᠶᠠᠷ ᠬᠤᠷᠠᠯ︾ ᠤᠨ ᠬᠤᠭᠤᠴᠠᠭᠠᠨ ᠳᠤ ᠣᠷᠣᠪᠠ᠃ ᠡᠨᠡ ᠵᠢᠯ ᠪᠣᠯ ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠪᠠ ᠤᠯᠤᠰ ᠲᠥᠷᠥ ᠶᠢᠨ ᠵᠥᠪᠯᠡᠯᠭᠡᠨ ᠤ ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠡᠰᠢᠭᠦᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠩᠬᠠᠨ ᠤ ᠵᠢᠯ ᠪᠣᠯᠣᠨ᠎ᠠ᠂ ᠠᠳᠡ ᠠᠴᠠ ᠡᠬᠢᠯᠡᠨ ᠲᠡᠳᠡᠨᠡᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠠᠶᠠᠨ ᠢᠶᠠᠨ ᠡᠬᠢᠯᠡᠭᠦᠯᠬᠦ ᠪᠣᠯᠣᠨ᠎ᠠ᠃ ᠲᠡᠳᠡᠨ ᠤ ᠳᠣᠲᠣᠷ᠎ᠠ ᠦᠨᠳᠦᠰᠦᠨ ᠱᠠᠲᠤᠨ ᠠᠴᠠ ᠢᠷᠡᠭᠰᠡᠨ ᠮᠠᠯᠴᠢᠳ ᠤᠨ ᠲᠥᠯᠥᠭᠡᠯᠡᠭᠴᠢ ᠪᠠᠶᠢᠬᠤ ᠪᠠᠷ ᠪᠠᠷᠠᠬᠤ ᠦᠭᠡᠢ ᠪᠠᠰᠠ ᠠᠵᠤ ᠠᠬᠤᠢ᠂ ᠰᠤᠷᠭᠠᠨ ᠬᠥᠮᠦᠵᠢᠯ᠂ ᠬᠠᠤᠯᠢ ᠴᠠᠭᠠᠵᠠ ᠵᠡᠷᠭᠡ ᠣᠯᠠᠨ ᠬᠦᠷᠢᠶᠡᠨ ᠴᠠᠷᠠᠭᠠᠨ ᠤ ᠲᠤᠰᠬᠠᠢ ᠮᠡᠷᠭᠡᠵᠢᠯ ᠤᠨ ᠠᠵᠢᠯᠲᠠᠳ ᠪᠠᠶᠢᠨ᠎ᠠ᠂ ᠲᠠᠳᠠ ᠬᠥᠯᠥᠨ ᠪᠤᠶᠢᠷ ᠬᠤᠲᠠ ᠶᠢᠨ ︽ᠬᠤᠶᠠᠷ ᠬᠤᠷᠠᠯ︾ ᠳᠤ ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠳᠤᠷᠠᠳᠬᠤ ᠪᠣᠯᠣᠨ᠎ᠠ᠃      ᠬᠦᠯᠦᠨ ᠪᠣᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠵᠠᠩ ᠰᠢᠶᠣᠤ ᠯᠢᠶᠠᠩ᠄      ᠬᠥᠬᠡ ᠠᠭᠤᠯᠠ ᠬᠦᠬᠡᠮᠳᠦᠭ ᠤᠰᠤ ᠪᠣᠯ ᠳᠠᠷᠤᠢ ᠠᠯᠲᠠ ᠮᠦᠩᠭᠦᠨ ᠠᠭᠤᠯᠠ ᠪᠣᠯᠬᠤ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ ᠢ ᠪᠠᠷᠢᠮᠲᠠᠯᠠᠵᠤ᠂ ᠤᠯᠠᠮᠵᠢᠯᠠᠯᠲᠤ ᠰᠢᠯᠢᠳᠡᠭ ᠲᠡᠵᠢᠭᠡᠨ ᠦᠷᠡᠵᠢᠭᠦᠯᠬᠦ ᠮᠡᠷᠭᠡᠵᠢᠯ ᠪᠠ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠮᠡᠷᠭᠡᠵᠢᠯ ᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ᠂ ᠨᠤᠲᠤᠭ ᠪᠡᠯᠴᠢᠭᠡᠷ ᠢ ᠰᠡᠷᠭᠦᠭᠡᠨ ᠠᠮᠤᠷᠵᠢᠭᠤᠯᠵᠤ᠂ ᠠᠮᠢ ᠠᠬᠤᠢ ᠪᠠ ᠣᠷᠴᠢᠨ ᠲᠣᠭᠤᠷᠢᠨ ᠢ ᠨᠡᠩ ᠰᠠᠶᠢᠬᠠᠨ ᠪᠣᠯᠭᠠᠬᠤ ᠶᠢ ᠬᠦᠰᠡᠵᠦ ᠪᠠᠶᠢᠨ᠎ᠠ᠃      ᠬᠦᠯᠦᠨ ᠪᠣᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠵᠢᠶᠠ ᠴᠢᠩ ᠬᠤᠸᠠ᠄      ᠠᠯᠤᠰ ᠬᠡᠲᠦ ᠶᠢᠨ ᠪᠣᠳᠣᠯᠭ᠎ᠠ ᠳᠤ ᠰᠤᠷᠭᠠᠨ ᠬᠦᠮᠦᠵᠢᠯ ᠢᠶᠠᠷ ᠦᠨᠳᠦᠰᠦ ᠪᠣᠯᠭᠠᠬᠤ ᠬᠡᠷᠡᠭᠲᠡᠢ᠃ ᠰᠤᠷᠭᠠᠨ ᠬᠦᠮᠦᠵᠢᠯ ᠤᠨ ᠶᠡᠭᠡ ᠦᠢᠯᠡᠰ ᠲᠤ ᠪᠠᠭᠰᠢ ᠪᠠᠷ ᠦᠨᠳᠦᠰᠦ ᠪᠣᠯᠭᠠᠬᠤ ᠬᠡᠷᠡᠭᠲᠡᠢ᠃ ᠦᠢᠯᠡᠰ ᠢᠶᠠᠨ ᠳᠡᠭᠡᠳᠦᠯᠡᠵᠦ ᠬᠠᠷᠠᠮ ᠦᠭᠡᠢ ᠵᠣᠷᠢᠭᠤᠯᠬᠤ᠂ ᠦᠯᠢᠭᠡᠷ ᠳᠠᠭᠤᠷᠢᠶᠠᠯ ᠪᠣᠯᠬᠤ᠂ ᠲᠤᠬᠠᠶᠢᠯᠠᠭᠰᠠᠨ ᠠᠵᠢᠯ ᠳᠤ ᠪᠠᠨ ᠮᠡᠷᠭᠡᠰᠢᠭᠰᠡᠨ᠂ ᠵᠣᠬᠢᠰᠲᠠᠢ ᠪᠦᠲᠦᠴᠡᠲᠦ ᠪᠠᠭᠰᠢ ᠶᠢᠨ ᠡᠩᠨᠡᠭᠡ ᠶᠢ ᠪᠠᠶᠢᠭᠤᠯᠬᠤ ᠪᠣᠯ᠂ ᠬᠤᠰᠢᠭᠤ ᠰᠢᠶᠠᠨ ᠤ ᠰᠤᠷᠭᠠᠨ ᠬᠦᠮᠦᠵᠢᠯ ᠢ ᠬᠦᠭᠵᠢᠭᠦᠯᠬᠦ ᠶᠢᠨ ᠵᠠᠩᠭᠢᠯᠠᠭ᠎ᠠ ᠪᠣᠯᠣᠨ᠎ᠠ᠃      ᠬᠦᠯᠦᠨ ᠪᠣᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠰᠢᠤᠸᠠᠢ ᠳ᠋ᠧ ᠱᠦᠨ᠄      ᠬᠠᠥᠯᠢᠵᠢᠯ ᠤᠨ ᠬᠢᠷᠢ ᠬᠡᠮᠵᠢᠶ᠎ᠡ ᠨᠢ ᠬᠠᠥᠯᠢᠵᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠ ᠬᠢᠷᠢ ᠲᠦᠪᠰᠢᠨ ᠢ ᠰᠢᠭᠤᠳ ᠨᠦᠯᠦᠭᠡᠯᠡᠬᠦ ᠪᠣᠯᠣᠨ᠎ᠠ᠂ ᠰᠢᠨ᠎ᠡ ᠪᠠᠶᠢᠳᠠᠯ ᠪᠠ ᠰᠢᠨ᠎ᠡ ᠬᠠᠷᠠᠯᠲᠠ ᠳᠤ ᠴᠢᠭᠯᠡᠭᠦᠯᠵᠦ᠂ ᠬᠠᠥᠯᠢᠵᠢᠯ ᠤᠨ ᠵᠣᠷᠢᠭ ᠰᠠᠨᠠᠭ᠎ᠠ᠂ ᠬᠠᠥᠯᠢᠵᠢᠯ ᠤᠨ ᠰᠡᠳᠬᠢᠭᠦᠢ᠂ ᠬᠠᠥᠯᠢᠵᠢᠯ ᠤᠨ ᠠᠷᠭ᠎ᠠ ᠮᠠᠶ᠋ᠢᠭ ᠪᠠ ᠬᠠᠥᠯᠢᠵᠢᠯ ᠤᠨ ᠬᠦᠴᠦᠨ ᠢᠶᠠᠷ ᠬᠠᠥᠯᠢᠵᠢᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢ ᠲᠤᠯᠭᠠᠮ᠎ᠠ ᠱᠠᠭᠠᠷᠳᠠᠵᠤ ᠪᠠᠶᠢᠨ᠎ᠠ᠃      ᠤᠯᠤᠰ ᠲᠥᠷᠥ ᠶᠢᠨ ᠵᠥᠪᠯᠡᠯᠭᠡᠨ ᠤ ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ ᠰᠤᠷᠭᠤᠭ᠄ ︽ᠬᠤᠶᠠᠷ ᠢ ᠬᠦᠩᠭᠡᠯᠡᠬᠦ︾ ᠲᠦᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠬᠤᠲᠠ ᠶᠢᠨ ᠡᠯ᠎ᠡ ᠬᠤᠰᠢᠭᠤ ᠬᠤᠲᠠ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠵᠠᠯᠭᠠᠭ᠎ᠠ ᠪᠠᠷ ᠬᠢᠴᠢᠶᠡᠯ ᠤᠨ ᠳᠠᠷᠠᠭᠠᠬᠢ ᠦᠢᠯᠡᠴᠢᠯᠡᠭᠡ ᠦᠷᠨᠢᠭᠦᠯᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠤᠭᠤᠴᠠᠭᠠᠨ ᠳᠤ ᠢᠯᠡᠭᠦᠬᠡᠨ ᠰᠢᠭ ᠳᠤᠷ᠎ᠠ ᠪᠠᠬ᠎ᠠ ᠣᠨᠴᠠ ᠮᠡᠷᠭᠡᠵᠢᠯ ᠤᠨ ᠲᠠᠯ᠎ᠠ ᠪᠠᠷ ᠬᠢ ᠪᠣᠯᠪᠠᠰᠤᠷᠠᠯ ᠬᠦᠮᠦᠵᠢᠯ ᠦᠷᠨᠢᠭᠦᠯᠵᠦ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠂ ᠨᠡᠩ ᠣᠯᠠᠨ ᠲᠤᠰᠬᠠᠢ ᠮᠡᠷᠭᠡᠵᠢᠯ ᠤᠨ᠂ ᠤᠷ᠎ᠠ ᠮᠡᠷᠭᠡᠵᠢᠯ ᠤᠨ ᠪᠠ ᠶᠡᠷᠦᠩᠬᠡᠶᠢᠯᠡᠭᠰᠡᠨ ᠬᠡᠯᠪᠡᠷᠢ ᠶᠢᠨ ᠴᠢᠳᠠᠪᠤᠷᠢᠲᠠᠨ ᠢ ᠬᠦᠮᠦᠵᠢᠭᠦᠯᠬᠦ ᠶᠢ ᠰᠠᠨᠠᠭᠤᠯᠵᠤ ᠪᠠᠶᠢᠨ᠎ᠠ᠃      ᠤᠯᠤᠰ ᠲᠥᠷᠥ ᠶᠢᠨ ᠵᠥᠪᠯᠡᠯᠭᠡᠨ ᠤ ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ ᠭᠠᠸᠠᠳᠣᠨᠳᠣᠪ᠄ᠠᠷᠠᠳ ᠲᠦᠮᠡᠨ ᠤ ᠪᠣᠶᠠᠨ ᠬᠡᠰᠢᠭ ᠢ ᠨᠡᠮᠡᠭᠳᠡᠭᠦᠯᠬᠦ ᠪᠣᠯ ᠬᠦᠭᠵᠢᠯᠲᠡ ᠶᠢᠨ ᠦᠨᠳᠦᠰᠦᠨ ᠬᠠᠷᠠᠯᠲᠠ ᠶᠤᠮ᠂ ᠬᠦᠭᠵᠢᠯᠲᠡ ᠶᠢᠨ ᠳᠤᠮᠳᠠ ᠡᠷᠬᠡᠪᠰᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠠᠷᠠᠳ ᠲᠦᠮᠡᠨ ᠳᠤ ᠢᠯᠡᠭᠦᠭᠡᠨ ᠠᠰᠢᠭ ᠲᠤᠰᠠ ᠬᠦᠷᠲᠡᠭᠡᠬᠦ ᠶᠢ ᠪᠠᠷᠢᠮᠲᠠᠯᠠᠵᠤ  ᠬᠦᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠳᠤᠲᠠᠭᠤᠳᠠᠯ ᠢ ᠬᠦᠴᠦᠯᠡᠨ ᠨᠦᠬᠦᠪᠦᠷᠢᠯᠡᠵᠦ᠂ ᠨᠡᠶᠢᠭᠡᠮ ᠤᠨ ᠡᠷᠬᠡ ᠲᠡᠭᠰᠢ ᠲᠥᠪ ᠭᠤᠣᠯᠴᠢ ᠶᠢ ᠠᠬᠢᠭᠤᠯᠵᠤ᠂ ᠰᠤᠷᠬᠤ ᠠᠴᠠ ᠰᠤᠷᠭᠠᠭᠤᠯᠢ ᠲᠠᠢ᠂ ᠰᠠᠭᠤᠬᠤ ᠠᠴᠠ ᠭᠡᠷ ᠲᠠᠢ᠂ ᠪᠠᠭᠤᠷᠠᠶᠢᠴᠤᠤᠯ ᠢ ᠬᠠᠷᠠᠭᠠᠯᠵᠠᠬᠤ ᠲᠠᠯ᠎ᠠ ᠪᠠᠷ ᠰᠢᠨ᠎ᠡ ᠠᠬᠢᠯᠲᠠ ᠲᠠᠢ ᠪᠣᠯᠭᠠᠬᠤ ᠶᠢ ᠬᠦᠰᠡᠵᠦ ᠪᠠᠶᠢᠨ᠎ᠠ᠃      ᠤᠯᠤᠰ ᠲᠥᠷᠥ ᠶᠢᠨ ᠵᠥᠪᠯᠡᠯᠭᠡᠨ ᠤ ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ ᠬᠤᠸᠠ ᠢᠦᠢ ᠯᠠᠨ᠄      ᠤᠯᠠᠭᠠᠨᠮᠦ᠋ᠴᠢᠷ ᠤᠨ ︽ᠬᠤᠪᠢᠰᠬᠠᠯ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠠᠭᠤᠰᠤᠯᠴᠠᠨ ᠬᠦᠭᠵᠢᠬᠦ ᠶᠢ ᠴᠢᠨᠠᠭᠰᠢᠳᠠ ᠠᠬᠢᠭᠤᠯᠵᠤ᠂ ᠬᠦᠯᠦᠨ ᠪᠣᠶᠢᠷ ᠤᠨ ᠭᠦᠨ ᠵᠤᠵᠠᠭᠠᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠪᠦᠬᠦ ᠲᠠᠯ᠎ᠠ ᠪᠠᠷ ᠲᠠᠨᠢᠯᠴᠠᠭᠤᠯᠵᠤ᠂ ᠵᠢᠭᠤᠯᠴᠢᠯᠠᠭᠴᠢᠳ ᠢ ᠦᠷᠭᠡᠨ ᠳᠡᠯᠭᠡᠷᠡᠩᠭᠦᠢ ᠲᠠᠲᠠᠨ᠂ ᠬᠦᠯᠦᠨ ᠪᠣᠶᠢᠷ ᠤᠨ ᠵᠢᠭᠤᠯᠴᠢᠯᠠᠯ ᠤᠨ ᠦᠢᠯᠡᠰ ᠤᠨ ᠰᠢᠨ᠎ᠡ ᠪᠠᠶᠢᠳᠠᠯ ᠢ ᠪᠣᠢ ᠪᠣᠯᠭᠠᠬᠤ ᠶᠢ ᠬᠦᠰᠡᠵᠦ ᠪᠠᠶᠢᠨ᠎ᠠ᠃      ᠬᠥᠯᠥᠨ ᠪᠤᠶᠢᠷ ᠬᠤᠳᠠ ᠶᠢᠨ ︽ᠬᠤᠶᠠᠷ ᠬᠤᠷᠠᠯ︾ ᠬᠤᠷᠠᠯᠳᠤᠬᠤ ᠲᠠᠰᠢᠷᠠᠮ ᠢᠶᠠᠷ᠂ ᠠᠷᠠᠳ ᠤᠨ ᠪᠠᠶᠢᠳᠠᠯ ᠢ ᠪᠡᠶᠡᠴᠢᠯᠡᠨ ᠣᠶᠢᠯᠠᠭᠠᠵᠤ᠂ ᠠᠷᠠᠳ ᠤᠨ ᠰᠠᠨᠠᠭ᠎ᠠ ᠶᠢ ᠴᠤᠭᠯᠠᠭᠤᠯᠵᠤ᠂ ᠠᠷᠠᠳ ᠤᠨ ᠠᠮᠢᠳᠤᠷᠠᠯ ᠢ ᠲᠤᠰᠬᠠᠵᠤ᠂ ᠪᠢᠳᠡ ᠲᠥᠯᠥᠭᠡᠯᠡᠭᠴᠢᠳ᠂ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡᠯᠡᠯ ᠢ ᠮᠡᠳᠡᠷᠡᠵᠦ᠂ ᠬᠥᠯᠥᠨ ᠪᠤᠶᠢᠷ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠢᠲᠡᠭᠡᠯ ᠪᠠ ᠬᠦᠰᠡᠯ ᠡᠷᠡᠮᠡᠯᠵᠡᠯ ᠢ ᠣᠯᠵᠤ ᠬᠠᠷᠠᠭᠰᠠᠨ ᠪᠠᠶᠢᠨ᠎ᠠ᠃      ︽ᠵᠢᠯ ᠤᠨ ᠠᠵᠢᠯ ᠬᠠᠪᠤᠷ ᠲᠠᠭᠠᠨ︾ ᠭᠡᠭᠴᠢ ᠪᠠᠷ ᠪᠢᠳᠡ ᠬᠠᠮᠲᠤ ᠪᠠᠷ ᠬᠠᠪᠤᠷ ᠤᠨ ᠦᠪᠡᠳᠡᠭᠰᠢ ᠬᠤᠷᠠᠯ ᠳᠤ ᠪᠣᠯᠵᠣᠶ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号