ᠬᠤᠰᠢᠭᠤᠨ ᠤ ᠤᠳᠤᠷᠢᠳᠤᠯᠭ᠎ᠠ ᠬᠡᠷᠦᠯᠦᠨ ᠰᠤᠮᠤᠨ ᠳᠤ ᠭᠦᠨᠵᠡᠭᠡᠶᠢᠷᠡᠨ ᠲᠥᠯ ᠲᠣᠰᠴᠤ ᠪᠣᠶᠢᠵᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/2/24
     ᠣᠳᠣᠬᠠᠨ ᠳᠤ᠂ ᠮᠠᠨ ᠤ ᠬᠤᠰᠢᠭᠤ ᠲᠥᠯ ᠲᠤᠰᠴᠤ ᠪᠣᠶᠢᠵᠢᠭᠤᠯᠬᠤ ᠬᠤᠭᠤᠴᠠᠭᠠᠨ ᠳᠠᠭᠠᠨ ᠣᠷᠣᠭᠰᠠᠨ ᠪᠠᠶᠢᠨ᠎ᠠ᠃ 2 ᠰᠠᠷ᠎ᠠ ᠶᠢᠨ 23 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠸᠠᠩ ᠴᠢᠣᠸᠠᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳᠠᠯᠠᠶᠢᠪᠠᠲᠤ ᠵᠡᠷᠭᠡ ᠤᠳᠤᠷᠢᠳᠤᠯᠭ᠎ᠠ ᠬᠡᠷᠦᠯᠦᠨ ᠰᠤᠮᠤᠨ ᠳᠤ ᠭᠦᠨᠵᠡᠭᠡᠶᠢᠷᠡᠵᠦ᠂ ᠲᠥᠯ ᠲᠣᠰᠴᠤ ᠪᠣᠶᠢᠵᠢᠭᠤᠯᠬᠤ ᠠᠵᠢᠯ ᠢ ᠲᠤᠬᠠᠢ ᠶᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠪᠡ᠃      ᠸᠠᠩ ᠴᠢᠤᠸᠠᠨ᠂ ᠳᠠᠯᠠᠶᠢᠪᠠᠲᠤ ᠤᠷᠢᠳ ᠬᠤᠵᠢᠳ ᠬᠡᠷᠦᠯᠦᠨ ᠰᠤᠮᠤ ᠶᠢᠨ ᠰᠠᠷᠠᠭᠤᠯ ᠭᠠᠴᠠᠭ᠎ᠠ ᠶᠢᠨ ᠮᠠᠯᠴᠢᠨ ᠸᠧᠨ ᠴᠧᠩ᠂ ᠪᠠᠶᠠᠨᠨᠠᠭᠤᠷ ᠭᠠᠴᠠᠭ᠎ᠠ ᠶᠢᠨ ᠮᠠᠯᠴᠢᠨ ᠶᠦᠩ ᠱᠦᠨ ᠭᠡᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠮᠠᠯᠴᠢᠳ ᠲᠠᠢ ᠳᠣᠲᠣᠨᠤ ᠶᠠᠷᠢᠯᠴᠠᠨ᠂ ᠮᠠᠯᠴᠢᠳ ᠤᠨ ᠲᠥᠯ ᠲᠣᠰᠴᠤ ᠪᠣᠶᠢᠵᠢᠭᠤᠯᠬᠤ᠂ ᠡᠪᠡᠰᠦ ᠪᠣᠷᠳᠤᠭ᠎ᠠ ᠨᠥᠭᠡᠴᠡᠯᠡᠬᠦ᠂ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠨᠠᠷᠢᠯᠢᠭ ᠣᠶᠢᠯᠠᠭᠠᠪᠠ᠃
     ᠮᠠᠯᠴᠢᠳ ᠰᠠᠶᠢᠨ ᠡᠪᠦᠯᠵᠢᠵᠦ᠂ ᠡᠪᠡᠰᠦ ᠪᠣᠷᠳᠤᠭ᠎ᠠ ᠶᠢᠨ ᠪᠡᠯᠡᠳᠬᠡᠯ ᠨᠡᠯᠢᠶᠡᠳ ᠭᠦᠢᠴᠡᠳ᠂ ᠡᠯ᠎ᠡ ᠵᠦᠢᠯ ᠤᠨ ᠪᠡᠯᠡᠳᠬᠡᠯ ᠠᠵᠢᠯ ᠢ ᠪᠦᠷᠢᠨ ᠭᠦᠢᠴᠡᠳ ᠬᠢᠭᠰᠡᠨ ᠢ ᠣᠶᠢᠯᠠᠭᠠᠭᠰᠠᠨ ᠤ ᠳᠠᠷᠠᠭ᠎ᠠ᠂ ᠸᠠᠩ ᠴᠢᠤᠸᠠᠨ᠂ ᠳᠠᠯᠠᠶᠢᠪᠠᠲᠤ᠂ ᠮᠠᠯᠴᠢᠨ ᠲᠦᠮᠡᠨ ᠴᠠᠭ ᠢᠮᠠᠭᠲᠠ ᠳᠤᠯᠠᠭᠠᠯᠠᠭ᠎ᠠ ᠶᠢᠨ ᠠᠮᠤᠷ ᠲᠦᠪᠰᠢᠨ ᠢ ᠠᠩᠬᠠᠷᠴᠤ᠂ ᠡᠳᠦᠷ ᠪᠦᠷᠢ ᠶᠢᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠴᠠᠭ ᠲᠤᠬᠠᠢ ᠳᠤᠨᠢ ᠰᠣᠨᠣᠰᠴᠤ᠂ ᠭᠡᠨᠡᠳᠲᠡ ᠡᠭᠦᠰᠬᠦ ᠪᠠᠶᠢᠭᠠᠯᠢ ᠶᠢᠨ ᠭᠠᠮᠰᠢᠭ ᠢ ᠢᠳᠡᠪᠬᠢᠲᠡᠢ ᠰᠡᠷᠭᠡᠶᠢᠯᠡᠨ ᠡᠵᠡᠮᠳᠡᠬᠦ ᠬᠡᠷᠡᠭᠲᠡᠢ ᠭᠡᠵᠦ ᠵᠠᠬᠢᠪᠠ᠃ ᠡᠭᠦᠨ ᠤ ᠬᠠᠮᠲᠤ ᠱᠠᠭᠠᠷᠳᠠᠭᠰᠠᠨ ᠨᠢ᠂ ᠣᠳᠣᠬᠠᠨ ᠳᠤ ᠶᠠᠭ ᠬᠠᠪᠤᠷ ᠤᠨ ᠤᠯᠠᠷᠢᠯ ᠤᠨ ᠲᠥᠯ ᠲᠤᠰᠴᠤ ᠪᠣᠶᠢᠵᠢᠭᠤᠯᠬᠤ ᠬᠤᠭᠤᠴᠠᠭᠠᠨ ᠳᠤ ᠪᠠᠶᠢᠨ᠎ᠠ᠂ ᠬᠡᠷᠦᠯᠦᠨ ᠰᠤᠮᠤ ᠡᠷᠲᠡ ᠠᠴᠠ ᠪᠠᠶᠢᠷᠢᠯᠠᠭᠤᠯᠤᠨ᠂ ᠮᠠᠯᠴᠢᠨ ᠲᠦᠮᠡᠨ ᠢ ᠬᠥᠲᠥᠯᠥᠨ ᠵᠢᠯᠤᠭᠤᠳᠴᠤ ᠡᠳ᠋ ᠮᠥᠩᠭᠦ ᠶᠢ ᠰᠠᠶᠢᠲᠤᠷ ᠰᠢᠢᠳᠪᠦᠷᠢᠯᠡᠵᠦ᠂ ᠠᠵᠤ ᠠᠬᠤᠢ ᠶᠢᠨ ᠲᠠᠩᠰᠠ ᠶᠢ ᠰᠠᠶᠢᠲᠤᠷ ᠪᠤᠳᠤᠵᠤ᠂ ᠲᠥᠯ ᠲᠤᠰᠴᠤ ᠪᠣᠶᠢᠵᠢᠭᠤᠯᠬᠤ ᠬᠤᠭᠤᠴᠠᠭᠠᠨ ᠳᠠᠬᠢ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠬᠦᠴᠢᠷᠳᠡᠯ ᠢ ᠴᠠᠭ ᠲᠤᠬᠠᠢ  ᠳᠤᠨᠢ ᠣᠶᠢᠯᠠᠭᠠᠨ ᠡᠵᠡᠮᠰᠢᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠡᠭᠦᠰᠬᠦ ᠶᠢ ᠰᠡᠷᠭᠡᠶᠢᠯᠡᠨ᠂ ᠲᠥᠯ ᠲᠤᠰᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠶᠤᠯ ᠦᠭᠡᠢ ᠪᠥᠭᠡᠳ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号