ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2022 ᠣᠨ ᠤ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠪᠠ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠢᠴᠢ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠳ᠋ᠦᠩᠨᠡᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/28
       ᠣᠶᠢᠷ᠎ᠠ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2022 ᠣᠨ ᠤ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠪᠠ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠢᠴᠢ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠳ᠋ᠦᠩᠨᠡᠯᠲᠡ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠦᠷᠭᠡᠨ ᠬᠤᠷᠠᠯ ᠳᠤ ᠣᠷᠣᠯᠴᠠᠵᠠᠢ᠃        2022 ᠣᠨ ᠤ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠳᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2021 ᠣᠨ ᠤ ᠠᠵᠢᠯ ᠢᠶᠠᠨ ᠳ᠋ᠦᠩᠨᠡᠵᠦ᠂ 2022 ᠣᠨ ᠤ ᠠᠵᠢᠯ ᠤᠨ ᠡᠭᠦᠷᠭᠡ ᠪᠠᠨ ᠲᠣᠬᠢᠷᠠᠭᠤᠯᠤᠨ ᠪᠠᠶᠢᠷᠢᠯᠠᠭᠤᠯᠵᠤ᠂ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ ᠪᠠ ᠲᠡᠷᠢᠭᠦᠨ ᠤ ᠬᠤᠪᠢ ᠬᠥᠮᠥᠨ ᠢ ᠵᠠᠷᠯᠠᠨ ᠰᠠᠶᠢᠰᠢᠶᠠᠭᠰᠠᠨ ᠪᠠᠶᠢᠨ᠎ᠠ᠃        ᠥᠷᠭᠡᠨ ᠱᠠᠭᠠᠷᠳᠠᠭᠰᠠᠨ ᠨᠢ᠂ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠲᠤᠳᠬᠠᠵᠤ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠠᠵᠢᠯ ᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠦᠨ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠬᠠᠯᠬᠠᠪᠴᠢ︾ ᠶᠢᠨ ᠰᠢᠳᠤᠷᠭᠤ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠨᠠᠮ ᠪᠣᠯᠣᠨ ᠠᠷᠠᠳ ᠲᠦᠮᠡᠨ ᠤ ᠰᠡᠳᠬᠢᠯ ᠬᠠᠨᠤᠮᠵᠢᠲᠠᠢ ᠰᠢᠨ᠎ᠡ ᠠᠮᠵᠢᠯᠲᠠ ᠪᠦᠲᠦᠮᠵᠢ ᠪᠠᠷ᠂ ᠴᠣ ᠰᠢᠨ᠎ᠡ ᠳᠦᠷᠢ ᠲᠥᠷᠬᠦ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃        ᠳᠠᠷᠠᠭ᠎ᠠ ᠨᠢ ᠪᠦᠭᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠢᠴᠢ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳ᠋ᠦᠩᠨᠡᠯᠲᠡ ᠶᠢᠨ ᠬᠤᠷᠠᠯ ᠬᠢᠵᠦ᠂ ᠲᠠᠷᠢᠬᠢ ᠲᠣᠯᠣᠭᠠᠢ ᠪᠠᠨ ᠢᠮᠠᠭᠲᠠ ᠬᠤᠷᠴᠠ ᠰᠡᠷᠭᠡᠭ ᠪᠠᠶᠢᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠠ ᠬᠥᠮᠦᠵᠢᠯ ᠴᠡᠭᠴᠡᠯᠡᠯᠲᠡ ᠶᠢᠨ ᠳᠤᠮᠳᠠ ᠪᠦᠷᠢᠯᠳᠦᠭᠰᠡᠨ ᠰᠠᠶᠢᠨ ᠠᠷᠭ᠎ᠠ ᠶᠢ ᠦᠷᠭᠦᠯᠵᠢᠯᠡᠭᠦᠯᠵᠦ᠂ ᠲᠣᠭᠲᠠᠴᠠ ᠶᠢ ᠪᠠᠲᠤᠳᠬᠠᠨ᠂ ᠰᠠᠶᠢᠨ ᠰᠤᠷᠲᠠᠯ ᠢ ᠢᠯᠡᠷᠡᠭᠦᠯᠵᠦ᠂ ᠬᠢᠨᠠᠮᠠᠭᠠᠢ ᠲᠦᠯᠦᠪᠵᠢᠭᠦᠯᠦᠨ᠂ ᠨᠢᠭᠲᠠ ᠪᠠᠶᠢᠷᠢᠯᠠᠭᠤᠯᠵᠤ᠂ ᠪᠦᠭᠦ ᠵᠢᠯ ᠤᠨ ᠡᠯ᠎ᠡ ᠲᠦᠷᠦᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号