ᠴᠠᠩ ᠴᠢᠩ ᠠᠷᠤᠬᠠᠰᠢᠶᠠᠲᠤ ᠪᠣᠭᠤᠮᠲᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠠᠵᠢᠯᠲᠠᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/2/7
     2 ᠰᠠᠷ᠎ᠠ ᠶᠢᠨ 6 ᠤ ᠡᠳᠦᠷ᠂ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠠᠷᠤᠬᠠᠰᠢᠶᠠᠲᠤ ᠪᠠᠯᠭᠠᠰᠤ ᠵᠢᠴᠢ ᠠᠷᠤᠬᠠᠰᠢᠶᠠᠲᠤ ᠪᠣᠭᠤᠮᠲᠠ ᠳᠤ ᠭᠦᠨᠵᠡᠭᠡᠶᠢᠷᠡᠨ᠂ ᠵᠢᠵᠢᠭᠦᠷᠯᠡᠨ ᠰᠠᠬᠢᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠬᠢᠨᠠᠨ ᠵᠢᠯᠤᠭᠤᠳᠴᠤ᠂ ᠴᠠᠭᠠᠨ ᠰᠠᠷ᠎ᠠ ᠶᠢᠨ ᠬᠤᠭᠤᠴᠠᠭᠠᠨ ᠳᠤ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠴᠢᠤᠸᠠᠨ ᠵᠢᠴᠢ ᠬᠤᠯᠪᠣᠭᠳᠠᠯ ᠪᠦᠬᠦᠢ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠲᠣᠰ ᠪᠠᠷ᠎ᠠ ᠪᠣᠯᠪᠠ᠃
     ᠴᠠᠩ ᠴᠢᠩ ᠠᠷᠤᠬᠠᠰᠢᠶᠠᠲᠤ ᠪᠣᠭᠤᠮᠲᠠ ᠳᠤ ᠬᠦᠷᠴᠦ᠂ ᠪᠣᠭᠤᠮᠲᠠ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠴᠠᠩ ᠴᠢᠩ ᠴᠢᠬᠤᠯᠠᠴᠢᠯᠠᠭᠰᠠᠨ ᠨᠢ᠂ ᠪᠣᠭᠤᠮᠲᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠭᠤᠣᠯᠳᠠᠯᠭ᠎ᠠ ᠮᠥᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠤᠯᠠᠷᠠᠵᠤ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠤᠨ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠦᠨ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠢ ᠬᠢᠴᠢᠶᠡᠩᠭᠦᠶᠢᠯᠡᠨ ᠰᠠᠬᠢᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠳᠤᠲᠠᠭᠤᠳᠠᠯ ᠢᠶᠠᠨ ᠲᠠᠰᠤᠷᠠᠯᠲᠠ ᠦᠭᠡᠢ ᠨᠥᠬᠦᠪᠦᠷᠢᠯᠡᠵᠦ᠂ ᠠᠷᠭ᠎ᠠ ᠬᠡᠮᠵᠢᠶ᠎ᠡ ᠪᠠᠨ ᠪᠥᠬᠦ ᠬᠡᠯᠬᠢᠶ᠎ᠡ ᠪᠠᠷ᠂ ᠥᠨᠴᠥᠭ ᠪᠤᠯᠤᠩ ᠦᠭᠡᠢ ᠪᠠᠷ ᠲᠡᠭᠦᠯᠳᠡᠷᠵᠢᠭᠦᠯᠦᠨ᠂ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠬᠤ ᠶᠢ ᠳᠠᠭᠠᠵᠤ᠂ ᠬᠢᠵᠢᠭ ᠢ ᠰᠡᠷᠭᠡᠶᠢᠯᠡᠬᠦ ᠠᠵᠢᠯ ᠤᠨ ᠠᠮᠤᠷ ᠲᠦᠪᠰᠢᠨ ᠡᠮᠬᠢ ᠵᠢᠷᠤᠮ ᠲᠠᠢ᠂ ᠨᠢᠭᠲᠠ ᠴᠢᠩᠭ᠎ᠠ ᠪᠦᠲᠦᠮᠵᠢᠲᠡᠶ ᠪᠠᠶᠢᠬᠤ ᠶᠢ ᠪᠡᠶᠡᠯᠡᠭᠦᠯᠵᠦ᠂ ᠬᠢᠯᠪᠠᠷ ᠪᠤᠰᠤ ᠪᠠᠷ ᠣᠯᠣᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠰᠠᠬᠢᠨ ᠬᠠᠮᠠᠭᠠᠯᠠᠵᠤ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃      ᠠᠷᠤᠬᠠᠰᠢᠶᠠᠲᠤ ᠪᠠᠯᠭᠠᠰᠤ ᠳᠤ᠂ ᠴᠠᠩ ᠴᠢᠩ ᠠᠵᠢᠯ ᠤᠨ ᠪᠠᠶᠢᠷᠢ ᠪᠠᠨ ᠪᠠᠲᠤ ᠰᠠᠬᠢᠵᠤ᠂ ᠰᠢᠷᠭᠠᠭᠤ ᠬᠠᠲᠠᠭᠤᠵᠢᠯᠲᠠᠢ ᠪᠠᠷ ᠵᠢᠵᠢᠭᠦᠷᠯᠡᠨ ᠰᠠᠬᠢᠵᠤ ᠪᠠᠶᠢᠭ᠎ᠠ ᠬᠥᠮᠥᠰ ᠲᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃ ᠲᠡᠷᠡ ᠴᠢᠬᠤᠯᠠᠴᠢᠯᠠᠭᠰᠠᠨ ᠨᠢ᠂ ᠠᠷᠤᠬᠠᠰᠢᠶᠠᠲᠤ ᠪᠠᠯᠭᠠᠰᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠠᠵᠤ ᠠᠬᠤᠢ ᠨᠡᠶᠢᠭᠡᠮ ᠤᠨ ᠬᠥᠭᠵᠢᠯᠲᠡ ᠵᠢᠴᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ︽ᠡᠬᠢᠯᠡᠯᠲᠡ ᠶᠢᠨ ᠦᠶ᠎ᠡ ᠳᠤ ᠰᠢᠢᠳᠪᠦᠷᠢᠲᠦ ᠪᠠᠶᠢᠯᠳᠤᠭᠠᠨ ᠬᠢᠵᠦ᠂ ᠡᠬᠢᠯᠡᠮᠡᠭᠴᠡ ᠰᠢᠪᠲᠤᠯᠤᠯᠲᠠ ᠬᠢᠬᠦ︾ ᠣᠶᠤᠨ ᠰᠠᠨᠠᠭᠠᠨ ᠤ ᠪᠠᠶᠢᠳᠠᠯ ᠪᠠ ᠠᠵᠢᠯ ᠤᠨ ᠪᠠᠶᠢᠳᠠᠯ ᠢᠶᠠᠷ ᠮᠠᠨ ᠤ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠡᠷᠴᠢᠮᠲᠡᠢ ᠡᠬᠢᠯᠡᠯᠲᠡ ᠶᠢ ᠪᠠᠲᠤᠯᠠᠬᠤ ᠬᠡᠷᠡᠭᠲᠡᠢ ᠭᠡᠵᠡᠢ᠃      ᠠᠷᠤᠬᠠᠰᠢᠶᠠᠲᠤ ᠪᠠᠯᠭᠠᠰᠤ ᠶᠢᠨ ᠪᠠᠶᠢᠴᠠᠭᠠᠬᠤ ᠴᠡᠭ ᠲᠤ᠂ ᠴᠠᠩ ᠴᠢᠩ ᠨᠢᠭᠡᠳᠦᠭᠡᠷ ᠹᠷᠣᠨᠲ ᠢ ᠪᠠᠲᠤ ᠰᠠᠬᠢᠵᠤ ᠪᠠᠶᠢᠭ᠎ᠠ ᠠᠷᠠᠳ ᠤᠨ ᠴᠠᠭᠳᠠᠭ᠎ᠠ ᠶᠢ ᠡᠷᠬᠢᠨ ᠦᠵᠡᠵᠦ ᠲᠣᠬᠤᠨᠢᠭᠤᠯᠵᠤ᠂ ᠤᠯᠠᠨ ᠢᠶᠠᠷ ᠢᠶᠠᠨ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠠᠭ᠎ᠠ ᠭᠡᠷ ᠢᠶᠠᠨ ᠬᠠᠶᠠᠵᠤ ᠤᠯᠠᠨ ᠢ ᠬᠠᠷᠠᠭᠠᠯᠵᠠᠬᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂ ᠨᠢᠭᠡᠳᠦᠭᠡᠷ ᠹᠷᠣᠨᠲ ᠤᠨ ᠠᠷᠠᠳ ᠤᠨ ᠴᠠᠭᠳᠠᠭ᠎ᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠠᠷᠢᠨ ᠬᠢᠨᠠᠮᠠᠭᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠮᠢ ᠨᠠᠰᠤ ᠡᠷᠡᠭᠦᠯ ᠮᠡᠨᠳᠤ ᠶᠢ ᠬᠠᠮᠠᠭᠠᠯᠠᠬᠤ ᠬᠡᠷᠡᠭᠲᠡᠢ ᠭᠡᠵᠦ ᠵᠣᠷᠢᠭᠵᠢᠭᠤᠯᠪᠠ᠃      ᠴᠠᠩ ᠴᠢᠩ ᠪᠠᠰᠠ ᠨᠠᠭᠤᠷ ᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃ ᠲᠡᠷᠡ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠭᠤᠣᠯ ᠨᠠᠭᠤᠷ ᠢ ᠬᠠᠮᠢᠶᠠᠷᠬᠤ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠥᠯᠥᠨ ᠨᠠᠭᠤᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠵᠤ᠂ ᠬᠥᠯᠥᠨ ᠨᠠᠭᠤᠷ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号