ᠮᠠᠨ ᠤ ᠣᠷᠣᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠨᠧᠷᠭᠢ ᠶᠢᠨ ᠬᠠᠩᠭᠠᠯᠭ᠎ᠠ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ ᠪᠤᠢ
ᠨᠡᠶᠢᠲᠡᠯᠡᠭᠰᠡᠨ ᠴᠠᠭ᠄
2022/2/7
     ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠨᠧᠷᠭᠢ ᠶᠢᠨ ᠬᠠᠩᠭᠠᠯᠭ᠎ᠠ ᠬᠡᠷᠡᠭᠴᠡᠭᠡᠨ ᠤ ᠪᠠᠶᠢᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠢᠳᠡᠪᠬᠢᠲᠡᠢ ᠪᠠᠷ ᠰᠤᠳᠤᠯᠤᠨ ᠮᠠᠭᠠᠳᠯᠠᠵᠤ᠂ ᠴᠠᠬᠢᠯᠭᠠᠨ ᠨᠡᠭᠦᠷᠡᠰᠦ ᠪᠠ ᠪᠣᠯᠪᠠᠰᠤᠷᠠᠭᠤᠯᠤᠭᠰᠠᠨ ᠲᠣᠰᠣᠨ ᠤ ᠬᠠᠩᠭᠠᠯᠭ᠎ᠠ ᠶᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠨᠧᠷᠭᠢ ᠶᠢᠨ ᠬᠠᠩᠭᠠᠯᠭ᠎ᠠ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ ᠪᠤᠢ᠃      ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ᠂ ᠮᠠᠨ ᠤ ᠣᠷᠣᠨ ᠭᠤᠣᠯᠳᠠᠯᠭ᠎ᠠ ᠲᠠᠢ ᠴᠠᠬᠢᠯᠭᠠᠨ ᠤ ᠦᠢᠯᠡᠳᠪᠦᠷᠢ ᠶᠢᠨ ᠴᠠᠬᠢᠯᠭᠠᠨ ᠭᠠᠷᠭᠠᠬᠤ ᠨᠡᠭᠦᠷᠡᠰᠦᠨ ᠤ ᠬᠥᠮᠥᠷᠭᠡ ᠶᠢᠨ ᠬᠠᠳᠠᠭᠠᠯᠠᠯᠲᠠ ᠬᠠᠩᠭᠠᠯᠭ᠎ᠠ ᠶᠢ ᠬᠢᠨᠠᠨ ᠰᠢᠨᠵᠢᠯᠡᠵᠦ ᠲᠣᠬᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠲᠣᠬᠢᠷᠠᠭᠤᠯᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠲᠠᠯ᠎ᠠ ᠪᠠᠷ ᠴᠢᠩᠭ᠎ᠠ ᠬᠢᠨᠠᠯᠲᠠ ᠲᠠᠯᠪᠢᠵᠤ᠂ ᠮᠠᠰᠢᠨ ᠴᠣᠭᠴᠠᠯᠠᠪᠤᠷᠢ ᠶᠢᠨ ᠪᠠᠶᠢᠩᠭᠤ ᠶᠢᠨ ᠠᠵᠢᠯᠯᠠᠭᠠᠨ ᠢ ᠪᠠᠲᠤᠯᠠᠪᠠ︔ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠰᠢᠨᠵᠢᠯᠡᠯᠲᠡ ᠶᠢ ᠴᠢᠩᠭᠠᠳᠬᠠᠵᠤ᠂ ᠴᠠᠬᠢᠯᠭᠠᠨ ᠬᠦᠴᠦᠨ ᠤ ᠠᠵᠢᠯᠯᠠᠭᠠᠨ ᠢ ᠬᠢᠨᠠᠨ ᠰᠢᠨᠵᠢᠯᠡᠬᠦ᠂ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠶᠢ ᠡᠳᠦᠷ ᠢᠶᠠᠷ ᠥᠷᠨᠢᠭᠦᠯᠦᠨ᠂ ᠡᠮᠬᠢ ᠵᠢᠷᠤᠮ ᠲᠠᠢ ᠴᠠᠬᠢᠯᠭᠠᠨ ᠬᠡᠷᠡᠭᠯᠡᠬᠦ ᠶᠢ ᠲᠥᠰᠥᠭᠡᠯᠡᠵᠦ ᠵᠠᠳᠠᠯᠬᠤ ᠠᠵᠢᠯ ᠢ ᠨᠢᠭᠡ ᠭᠠᠷᠠᠭ ᠤᠨ ᠡᠮᠦᠨ᠎ᠡ ᠰᠠᠶᠢᠲᠤᠷ ᠬᠢᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠡᠳᠦᠷ ᠳᠠᠷᠠᠭᠠᠯᠠᠨ ᠲᠡᠩᠴᠡᠭᠦᠷᠢᠲᠡᠢ ᠪᠣᠯᠭᠠᠪᠠ︔ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠲᠥᠰᠥᠯ ᠢ ᠵᠦᠢ ᠵᠣᠬᠢᠰᠲᠠᠢ ᠬᠡᠷᠡᠭᠵᠢᠭᠦᠯᠵᠦ᠂ ︽ᠴᠠᠬᠢᠯᠭᠠᠨ ᠢ ᠬᠢᠵᠠᠭᠠᠷᠯᠠᠬᠤ ᠠᠴᠠ ᠪᠢᠰᠢ ᠵᠣᠭᠰᠣᠭᠠᠬᠤ ᠦᠭᠡᠢ︾᠂ ︽ᠴᠠᠬᠢᠯᠭᠠᠨ ᠢ ᠬᠢᠵᠠᠭᠠᠷᠯᠠᠬᠤ ᠠᠴᠠ ᠪᠢᠰᠢ ᠠᠷᠠᠳ ᠤᠨ ᠬᠡᠷᠡᠭᠯᠡᠭᠡ ᠶᠢ ᠦᠯᠦ ᠬᠢᠵᠠᠭᠠᠷᠯᠠᠬᠤ︾ ᠵᠠᠷᠴᠢᠮ ᠢ ᠪᠠᠷᠢᠮᠲᠠᠯᠠᠨ᠂ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠪᠠ ᠡᠭᠡᠯᠵᠢᠯᠡᠨ ᠵᠣᠭᠰᠤᠭᠠᠬᠤ ᠲᠥᠰᠥᠯ ᠢ ᠰᠢᠯᠢᠳᠡᠭᠵᠢᠭᠦᠯᠵᠦ᠂ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠠᠷᠠᠳ ᠤᠨ ᠠᠮᠢᠳᠤᠷᠠᠯ᠂ ᠨᠡᠶᠢᠲᠡ ᠶᠢᠨ ᠬᠡᠷᠡᠭᠯᠡᠭᠡᠨ ᠤ ᠪᠠ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢᠳ ᠤᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠪᠠ ᠨᠠᠶᠢᠳᠠᠪᠤᠷᠢᠲᠠᠢ ᠬᠠᠩᠭᠠᠯᠭ᠎ᠠ ᠶᠢ ᠦᠨᠡᠨ ᠬᠦ ᠪᠠᠲᠤᠯᠠᠪᠠ᠃      ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠬᠤᠯᠠ ᠶᠡᠭᠡ ᠵᠦᠢᠯᠡᠰ ᠢ ᠮᠡᠳᠡᠭᠦᠯᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠢ ᠵᠣᠭᠰᠤᠭᠠᠬᠤ᠂ ᠭᠠᠷᠤᠯᠲᠠ ᠬᠠᠰᠤᠭᠳᠠᠬᠤ ᠵᠢᠴᠢ ᠭᠤᠣᠯᠳᠠᠯᠭ᠎ᠠ ᠲᠠᠢ ᠬᠦᠷᠢᠶᠡᠨ ᠳᠠᠬᠢ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠮᠡᠳᠡᠭᠦᠯᠦᠯᠲᠡ ᠶᠢᠨ ᠳᠦᠷᠢᠮ ᠢ ᠴᠢᠩᠭ᠎ᠠ ᠬᠡᠷᠡᠭᠵᠢᠭᠦᠯᠪᠡ᠃ ᠨᠡᠭᠦᠷᠡᠰᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠡᠳᠦᠷ ᠤᠨ ᠲᠣᠬᠢᠷᠠᠭᠤᠯᠤᠯᠲᠠ᠂ ᠡᠳᠦᠷ ᠤᠨ ᠬᠢᠨᠠᠨ ᠰᠢᠨᠵᠢᠯᠡᠯᠲᠡ ᠶᠢ ᠦᠷᠭᠦᠯᠵᠢᠯᠡᠨ ᠰᠠᠶᠢᠲᠤᠷ ᠬᠢᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠬᠡᠪ ᠤᠨ ᠲᠣᠬᠢᠷᠠᠭᠤᠯᠤᠯᠲᠠ ᠶᠢ ᠪᠠᠷᠢᠮᠲᠠᠯᠠᠨ᠂ ᠭᠠᠷᠤᠯᠲᠠ ᠶᠢᠨ ᠬᠡᠮᠵᠢᠶ᠎ᠡ ᠨᠢ ᠢᠯᠡᠳᠲᠡ ᠪᠠᠭᠤᠷᠠᠭᠰᠠᠨ ᠭᠠᠵᠠᠷ ᠣᠷᠣᠨ ᠪᠠ ᠠᠵᠤ ᠠᠬᠤᠶᠢᠯᠠᠯ ᠳᠤ ᠬᠢᠵᠠᠭᠠᠷᠯᠠᠬᠤ ᠬᠦᠴᠦᠨ ᠵᠦᠢᠯ ᠢ ᠴᠠᠭ ᠲᠤᠬᠠᠢ ᠳᠤ ᠨᠢ ᠵᠠᠳᠠᠯᠵᠤ᠂ ᠴᠢᠭᠯᠡᠭᠦᠯᠬᠦ ᠴᠢᠨᠠᠷᠲᠠᠢ ᠠᠷᠭ᠎ᠠ ᠬᠡᠮᠵᠢᠶ᠎ᠡ ᠪᠠᠷ ᠰᠢᠢᠳᠪᠦᠷᠢᠯᠡᠨ᠂ ᠨᠡᠭᠦᠷᠡᠰᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ ᠪᠤᠢ︔ ᠨᠡᠭᠦᠷᠡᠰᠦᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠯ ᠤᠨ ᠰᠡᠭᠦᠯ ᠣᠨ ᠤ ᠡᠬᠢᠨ ᠤ ᠠᠶᠤᠯ ᠦᠭᠡᠢ ᠦᠢᠯᠡᠳᠪᠦᠷᠢᠯᠡᠯ ᠤᠨ ᠣᠨᠴᠠᠯᠢᠭ ᠲᠠᠢ ᠤᠶᠠᠯᠳᠤᠭᠤᠯᠤᠨ᠂ ᠶᠡᠭᠡ ᠴᠠᠰᠤ ᠣᠷᠣᠬᠤ᠂ ᠠᠭᠠᠷ ᠤᠨ ᠳᠤᠯᠠᠭᠠᠨ ᠪᠠᠭᠤᠷᠠᠬᠤ ᠵᠡᠷᠭᠡ ᠡᠯ᠎ᠡ ᠵᠦᠢᠯ ᠤᠨ ᠭᠠᠷᠴᠤ ᠮᠡᠳᠡᠬᠦ ᠲᠦᠭᠰᠢᠭᠦᠷᠢ ᠶᠢᠨ ᠬᠦᠴᠦᠨ ᠵᠦᠢᠯ ᠢ ᠭᠦᠢᠴᠡᠳ ᠪᠣᠳᠣᠯᠬᠢᠯᠠᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠬᠢᠨᠠᠮᠠᠭᠠᠢ ᠥᠷᠨᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ ᠪᠤᠢ︔ ᠨᠡᠭᠦᠷᠡᠰᠦᠨ ᠤ ᠳᠤᠮᠳᠠ ᠪᠠ ᠣᠷᠳᠣ ᠬᠤᠭᠤᠴᠠᠭᠠᠨ ᠤ ᠭᠡᠷ᠎ᠡ ᠶᠢ ᠨᠡᠶᠢᠳᠡᠮ ᠬᠡᠷᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠪᠥᠬᠦ ᠣᠷᠣᠨ ᠤ ᠦᠢᠯᠡᠳᠪᠦᠷᠢᠯᠡᠵᠦ ᠪᠠᠶᠢᠭ᠎ᠠ ᠨᠡᠭᠦᠷᠡᠰᠦᠨ ᠠᠭᠤᠷᠬᠠᠢ᠂ ᠴᠠᠬᠢᠯᠭᠠᠨ ᠭᠠᠷᠭᠠᠵᠤ ᠢᠯᠴᠢ ᠬᠠᠩᠭᠠᠬᠤ ᠠᠵᠤ ᠠᠬᠤᠶᠢᠯᠠᠯ ᠤᠨ 2022 ᠣᠨ ᠤ ᠨᠡᠭᠦᠷᠡᠰᠦᠨ ᠤ ᠳᠤᠮᠳᠠ ᠪᠠ ᠣᠷᠳᠣ ᠬᠤᠭᠤᠴᠠᠭᠠᠨ ᠤ ᠭᠡᠷ᠎ᠡ ᠲᠣᠭᠲᠠᠭᠰᠠᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠲᠣᠬᠢᠷᠠᠭᠤᠯᠵᠤ᠂ ᠭᠠᠷ ᠤᠨ ᠥᠰᠥᠭ ᠵᠢᠷᠤᠭᠰᠠᠨ ᠬᠠᠷᠢᠴᠠᠯ ᠨᠢ ᠤᠯᠤᠰ ᠤᠨ ᠱᠠᠭᠠᠷᠳᠠᠯᠭ᠎ᠠ ᠳᠤ ᠥᠯᠥ ᠬᠦᠷᠦᠭᠰᠡᠨ ᠭᠠᠵᠠᠷ ᠣᠷᠣᠨ ᠪᠠ ᠠᠵᠤ ᠠᠬᠤᠶᠢᠯᠠᠯ ᠳᠤ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠠᠪᠤᠭᠤᠯᠵᠤ᠂ ᠨᠡᠭᠦᠷᠡᠰᠦᠨ ᠤ ᠳᠤᠮᠳᠠ ᠪᠠ ᠣᠷᠳᠣ ᠬᠤᠭᠤᠴᠠᠭᠠᠨ ᠤ ᠭᠡᠷ᠎ᠡ ᠲᠣᠭᠲᠠᠭᠰᠠᠨ ᠪᠠᠶᠢᠳᠠᠯ ᠢ ᠴᠠᠭ ᠲᠤ ᠨᠢ ᠲᠣᠬᠢᠷᠠᠭᠤᠯᠤᠨ ᠬᠢᠨᠠᠨ ᠪᠠᠶᠢᠴᠠᠭᠠᠵᠤ᠂ ᠪᠥᠬᠦ ᠵᠢᠯ ᠳᠤ ᠭᠡᠷ᠎ᠡ ᠲᠣᠭᠲᠠᠵᠤ᠂ ᠪᠣᠳᠠᠲᠠᠢ ᠪᠠᠷ ᠭᠠᠷ ᠤᠨ ᠥᠰᠥᠭ ᠵᠢᠷᠤᠵᠤ᠂ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃      ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ᠂ ᠬᠤᠳᠠᠯᠳᠤᠭᠠᠨ ᠤ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡᠯᠡᠯᠲᠡ ᠵᠢᠴᠢ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠪᠠᠶᠠᠷ ᠤᠨ ᠡᠳᠦᠷ ᠤᠨ ᠬᠤᠭᠤᠴᠠᠭᠠᠨ ᠳᠤ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ ᠪᠠᠲᠤᠯᠠᠪᠠ︔ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠠᠩᠭᠠᠯᠭ᠎ᠠ ᠶᠢᠨ ᠬᠢᠨᠠᠨ ᠰᠢᠨᠵᠢᠯᠡᠯᠲᠡ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠥᠳᠡᠯᠦᠩᠭᠦᠢ ᠪᠠᠶᠢᠳᠠᠯ᠂ ᠦᠨ᠎ᠡ ᠬᠠᠩᠰᠢ ᠶᠢᠨ ᠬᠠᠨᠳᠤᠰᠢ᠂ ᠬᠥᠮᠥᠷᠭᠡ ᠶᠢᠨ ᠬᠠᠳᠠᠭᠠᠯᠠᠯᠲᠠ ᠶᠢᠨ ᠪᠠᠶᠢᠳᠠᠯ ᠢ ᠴᠠᠭ ᠲᠤᠬᠠᠢ ᠳᠤ ᠨᠢ ᠡᠵᠡᠮᠰᠢᠨ᠂ ᠵᠠᠬ᠎ᠠ ᠳᠡᠯᠭᠡᠭᠦᠷ ᠤᠨ ᠠᠵᠢᠯᠯᠠᠭᠠᠨ ᠢ ᠨᠥᠯᠥᠭᠡᠯᠡᠵᠦ ᠮᠡᠳᠡᠬᠦ ᠬᠡᠯᠪᠠᠶᠢᠬᠦ ᠴᠢᠨᠠᠷᠲᠠᠢ᠂ ᠴᠣᠬᠤᠶᠢᠬᠤ ᠴᠢᠨᠠᠷᠲᠠᠢ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠵᠦ᠂ ᠴᠠᠭ ᠲᠤᠬᠠᠢ ᠳᠤ ᠨᠢ ᠰᠢᠢᠳᠪᠦᠷᠢᠯᠡᠪᠡ︔ ᠴᠢᠯᠠᠭᠤᠨ ᠲᠣᠰᠣ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠢ ᠪᠠᠲᠤᠯᠠᠵᠤ᠂ ᠪᠣᠯᠪᠠᠰᠤᠷᠠᠭᠤᠯᠤᠭᠰᠠᠨ ᠲᠣᠰᠣᠨ ᠤ ᠭᠠᠷᠤᠯᠲᠠ ᠶᠢ ᠲᠠᠰᠤᠷᠠᠯᠲᠠ ᠦᠭᠡᠢ ᠨᠡᠮᠡᠭᠳᠡᠭᠦᠯᠦᠨ᠂ ᠭᠤᠣᠯᠳᠠᠯᠭ᠎ᠠ ᠲᠠᠢ ᠬᠡᠷᠡᠭᠯᠡᠬᠦ ᠲᠣᠰᠣᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠰᠠᠭᠤᠭᠠᠯᠢ ᠠᠷᠠᠳ ᠤᠨ ᠠᠮᠢᠳᠤᠷᠠᠯ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ᠂ ᠳᠡᠭᠡᠳᠦ ᠬᠤᠷᠳᠤ ᠶᠢᠨ ᠵᠠᠰᠠᠮᠠᠯ ᠵᠠᠮ ᠵᠡᠷᠭᠡ ᠶᠢᠨ ᠪᠣᠯᠪᠠᠰᠤᠷᠠᠭᠤᠯᠤᠭᠰᠠᠨ ᠲᠣᠰᠣᠨ ᠤ ᠬᠠᠩᠭᠠᠯᠭ᠎ᠠ ᠶᠢ ᠲᠣᠬᠢᠲᠠᠢ ᠲᠣᠬᠢᠷᠠᠭᠤᠯᠪᠠ᠃      ᠣᠳᠣᠬᠠᠨ ᠳᠤ᠂ ᠮᠠᠨ ᠤ ᠣᠷᠣᠨ ᠤ ᠴᠠᠬᠢᠯᠭᠠᠨ ᠨᠡᠭᠦᠷᠡᠰᠦ ᠪᠠ ᠪᠣᠯᠪᠠᠰᠤᠷᠠᠭᠤᠯᠤᠭᠰᠠᠨ ᠲᠣᠰᠣᠨ ᠤ ᠬᠠᠩᠭᠠᠯᠭ᠎ᠠ ᠶᠡᠷᠦᠩᠬᠡᠢ ᠳᠤ ᠪᠠᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠴᠠᠬᠢᠯᠭᠠᠨ ᠨᠡᠭᠦᠷᠡᠰᠦᠨ ᠤ ᠬᠠᠳᠠᠭᠠᠯᠠᠯᠲᠠ ᠶᠢ ᠳᠤᠮᠳᠠᠴᠢ ᠪᠠᠷ 15 ᠡᠳᠦᠷ ᠬᠡᠷᠡᠭᠯᠡᠵᠦ ᠪᠣᠯᠣᠨ᠎ᠠ᠂ ᠪᠣᠯᠪᠠᠰᠤᠷᠠᠭᠤᠯᠤᠭᠰᠠᠨ ᠲᠣᠰᠣᠨ ᠤ ᠬᠠᠳᠠᠭᠠᠯᠠᠯᠲᠠ 10 ᠡᠳᠦᠷ ᠣᠷᠴᠢᠮ ᠬᠡᠷᠡᠭᠯᠡᠵᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号