2 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ | ᠮᠣᠩᠭᠤᠯ ᠳᠠᠬᠢ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠳᠡᠳ᠋ ᠡᠷᠬᠢᠯᠡᠭᠴᠢ ᠢᠦᠶ ᠰᠢᠤᠸᠠᠢ ᠵᠢᠶᠦ᠋ᠨ ᠨᠡᠷ ᠮᠠᠨ ᠤ ᠣᠷᠣᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠴᠡᠭ ᠲᠣᠭᠲᠠᠭᠠᠭᠰᠠᠨ ᠡᠮᠨᠡᠨ ᠵᠠᠰᠠᠬᠤ ᠡᠮᠨᠡᠯᠭᠡ ᠶᠢᠨ ᠬᠤᠷᠢᠶ᠎ᠠ ᠪᠣᠯᠬᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠡᠮᠨᠡᠯᠭᠡ ᠶᠢᠨ ᠬᠤᠷᠢᠶ᠎ᠠ ᠳᠤ ᠬᠦᠷᠴᠦ᠂ ᠣᠷᠣᠨ ᠤ ᠲᠥᠪ ᠤᠨ | ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠡᠷᠡᠯᠬᠡᠭᠯᠡᠨ ᠠᠵᠢᠯᠯᠠᠵᠤ ᠪᠠᠶᠢᠭ᠎ᠠ ᠡᠮᠨᠡᠯᠭᠡ ᠶᠢᠨ ᠠᠵᠢᠯᠲᠠᠳ ᠢ | ᠪᠣᠯᠭᠤᠭᠠᠨ ᠲᠣᠬᠤᠨᠢᠭᠤᠯᠵᠤ᠂ ᠲᠡᠳᠡᠨ ᠳᠤ ᠬᠠᠶᠢᠷ᠎ᠠ ᠬᠠᠯᠠᠮᠵᠢ ᠵᠢᠴᠢ ᠠᠮᠢᠳᠤᠷᠠᠯ ᠤᠨ ᠡᠳ᠋ ᠪᠣᠳᠠᠰ ᠬᠦᠷᠭᠡᠵᠦ᠂ | ᠲᠡᠳᠡᠨ ᠤ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ | ᠬᠠᠮᠠᠭᠠᠯᠠᠬᠤ ᠶᠢᠨ ᠲᠤᠰᠠᠳᠠ ᠬᠠᠷᠠᠮ ᠦᠭᠡᠢ ᠵᠣᠷᠢᠭᠤᠯᠤᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ | ᠪᠠᠶᠢᠬᠤ ᠪᠠᠨ ᠢᠯᠡᠳᠬᠡᠵᠡᠢ᠃ | ᠲᠣᠬᠤᠨᠢᠭᠤᠯᠬᠤ ᠶᠠᠪᠤᠴᠠ ᠳᠤ ᠢᠦᠶ ᠰᠢᠤᠸᠠᠢ ᠵᠢᠶᠦ᠋ᠨ ᠢᠯᠡᠳᠬᠡᠬᠦ ᠳᠤ ᠪᠠᠨ᠂ ᠬᠥᠬᠡᠬᠤᠲᠠ ᠶᠢᠨ ᠲᠣᠰ | ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ ᠤᠯᠤᠰ ᠤᠨ ᠲᠠᠰ ᠤᠨ ᠡᠮᠴᠢᠯᠡᠭᠡᠨ ᠤ | ᠠᠪᠤᠷᠠᠨ ᠵᠠᠰᠠᠬᠤ 8 ᠲᠤᠰᠬᠠᠶ ᠮᠡᠷᠭᠡᠵᠢᠯᠲᠡᠨ ᠢ ᠲᠣᠮᠢᠯᠠᠨ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ | ᠣᠷᠤᠵᠤ ᠰᠠᠭᠤᠯᠭᠠᠭᠰᠠᠨ ᠪᠥᠭᠡᠳ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠠᠩᠭᠢ ᠴᠤ | ᠣᠷᠣᠨ ᠤ ᠲᠥᠪ ᠢ ᠢᠳᠡᠪᠬᠢᠲᠡᠶ ᠳᠡᠮᠵᠢᠵᠦ᠂ ᠣᠯᠠᠨ ᠢᠶᠠᠷ ᠢᠶᠠᠨ ᠮᠥᠷᠥ ᠵᠡᠷᠭᠡᠴᠡᠨ ᠪᠠᠶᠢᠯᠳᠤᠵᠤ᠂ ᠴᠠᠭ ᠮᠦᠴᠡ ᠲᠠᠢ | ᠤᠷᠤᠯᠳᠤᠨ᠂ ᠡᠪᠡᠳᠴᠢᠨ ᠡᠮᠭᠡᠭ ᠲᠠᠢ ᠲᠡᠮᠡᠴᠡᠵᠦ᠂ ᠬᠠᠯᠳᠠᠪᠤᠷᠢᠯᠠᠭᠰᠠᠳ ᠢ ᠲᠡᠷᠡ ᠳᠠᠷᠤᠶ ᠳᠤ ᠨᠢ ᠢᠳᠡᠪᠬᠢᠲᠡᠶ ᠪᠠᠷ | ᠠᠪᠤᠷᠠᠨ ᠵᠠᠰᠠᠵᠤ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠭᠳᠠᠭᠰᠠᠨ ᠬᠡᠷᠡᠭ ᠭᠠᠷᠤᠭᠰᠠᠨ ᠥᠬᠡᠶ ᠪᠥᠭᠡᠳ | ᠡᠪᠡᠳᠴᠢᠲᠡᠨ ᠨᠢ ᠡᠪᠡᠳᠴᠢᠨ ᠢᠶᠠᠷ ᠥᠭᠦᠭᠰᠡᠨ ᠥᠬᠡᠶ᠃ ᠡᠲᠡᠭᠡᠷ ᠠᠮᠵᠢᠯᠲᠠ ᠶᠢ ᠣᠯᠤᠭᠰᠠᠨ ᠨᠢ ᠥᠷᠭᠡᠨ ᠤᠯᠠᠨ | ᠡᠮᠨᠡᠯᠭᠡ ᠶᠢᠨ ᠠᠵᠢᠯᠲᠠᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠ ᠬᠦᠴᠦ ᠬᠥᠯᠥᠰᠥ ᠠᠴᠠ ᠰᠠᠯᠵᠤ | ᠴᠢᠳᠠᠬᠤ ᠦᠭᠡᠢ᠂ ᠤᠯᠠᠨ ᠢᠶᠠᠷ ᠢᠶᠠᠨ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠡᠮᠨᠡᠯᠭᠡ ᠶᠢᠨ | ᠠᠵᠢᠯᠲᠠᠳ ᠤᠨ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠵᠤ᠂ ︽ᠠᠮᠢ ᠨᠠᠰᠤ ᠶᠢ ᠡᠷᠬᠢᠮᠯᠡᠬᠦ᠂ ᠦᠬᠦᠯ ᠠᠴᠠ ᠠᠪᠤᠷᠠᠨ | ᠰᠢᠷᠬᠠᠲᠤᠭᠰᠠᠳ ᠢ ᠲᠡᠩᠬᠡᠷᠡᠭᠦᠯᠬᠦ᠂ ᠳᠤᠷᠠᠲᠠᠶ᠎ᠠ ᠬᠠᠷᠠᠮ ᠦᠭᠡᠢ ᠵᠣᠷᠢᠭᠤᠯᠬᠤ᠂ ᠬᠢᠵᠠᠭᠠᠯᠠᠰᠢ ᠦᠭᠡᠢ ᠠᠭᠤᠤ | ᠬᠠᠶᠢᠷ᠎ᠠ ᠪᠠᠨ ᠡᠷᠭᠦᠬᠦ︾ ᠡᠷᠬᠢᠮ ᠳᠡᠭᠡᠳᠦ ᠠᠵᠢᠯ ᠤᠨ ᠵᠣᠷᠢᠭ ᠰᠠᠨᠠᠭ᠎ᠠ ᠶᠢ ᠢᠯᠡᠷᠡᠭᠦᠯᠵᠡᠢ᠃ ᠥᠷᠭᠡᠨ ᠤᠯᠠᠨ | ᠡᠮᠨᠡᠯᠭᠡ ᠶᠢᠨ ᠠᠵᠢᠯᠲᠠᠳ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ | ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠵᠣᠷᠢᠭ ᠰᠠᠨᠠᠭ᠎ᠠ ᠶᠢ ᠪᠠᠷᠢᠮᠲᠠᠯᠠᠵᠤ᠂ ᠴᠢᠷᠮᠠᠶᠢᠭᠰᠠᠨ | ᠳᠡᠭᠡᠷ᠎ᠡ ᠪᠠᠨ ᠴᠢᠷᠮᠠᠶᠢᠵᠤ᠂ ᠲᠤᠰ ᠪᠡᠶ᠎ᠡ ᠶᠢᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ | ᠡᠯ᠎ᠡ ᠵᠦᠢᠯ ᠤᠨ ᠠᠪᠤᠷᠠᠨ ᠵᠠᠰᠠᠬᠤ ᠡᠭᠦᠷᠭᠡ ᠪᠠᠨ ᠡᠷᠡᠰ ᠪᠡᠶᠡᠯᠡᠭᠦᠯᠵᠦ᠂ ᠠᠷᠠᠳ ᠤᠯᠠᠨ ᠳᠤ ᠪᠠᠲᠤ ᠪᠠᠬᠢ ᠡᠷᠡᠭᠦᠯ | ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠬᠦ ᠶᠢ ᠬᠦᠰᠡᠵᠦ ᠪᠠᠶᠢᠨ᠎ᠠ ᠭᠡᠵᠡᠢ᠃ ᠡᠭᠦᠨ ᠤ ᠬᠠᠮᠲᠤ᠂ | ᠲᠡᠷᠡ ᠪᠠᠰᠠ ᠡᠮᠨᠡᠯᠭᠡ ᠶᠢᠨ ᠠᠵᠢᠯᠲᠠᠳ ᠲᠤ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠴᠢᠩᠭᠠᠳᠬᠠᠨ᠂ ᠰᠢᠨᠵᠢᠯᠡᠬᠦ | ᠤᠬᠠᠭᠠᠨᠴᠢ ᠪᠠᠷ ᠡᠭᠡᠯᠵᠢᠯᠡᠨ ᠠᠮᠠᠷᠠᠵᠤ᠂ ᠰᠠᠶᠢᠨ ᠰᠠᠶᠢᠬᠠᠨ ᠪᠠᠶᠢᠳᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠳᠤ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠯᠳᠤᠭᠠᠨ ᠤ ᠢᠯᠠᠯᠲᠠ ᠶᠢ | ᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠵᠠᠬᠢᠭᠰᠠᠨ ᠪᠠᠶᠢᠨ᠎ᠠ᠃ | ᠡᠭᠡᠯᠬᠡᠨ ᠦᠭᠡ ᠶᠠᠷᠢᠶ᠎ᠠ ᠨᠢ ᠡᠮᠨᠡᠯᠭᠡ ᠶᠢᠨ ᠠᠵᠢᠯᠲᠠᠨ ᠨᠢᠭᠡᠪᠦᠷᠢ ᠶᠢᠨ ᠰᠡᠳᠬᠢᠯ ᠢ ᠳᠤᠯᠠᠭᠠᠴᠠᠭᠤᠯᠵᠠᠢ᠃ | ᠤᠯᠤᠰ ᠤᠨ ᠡᠮᠴᠢᠯᠡᠭᠡᠨ ᠤ ᠠᠪᠤᠷᠠᠨ ᠵᠠᠰᠠᠬᠤ ᠲᠤᠰᠬᠠᠶ ᠮᠡᠷᠭᠡᠵᠢᠯᠲᠡᠨ ᠪᠠ ᠬᠢᠵᠢᠭ ᠢ ᠡᠰᠡᠷᠭᠦᠴᠡᠬᠦ ᠡᠮᠨᠡᠯᠭᠡ ᠶᠢᠨ | ᠠᠵᠢᠯᠲᠠᠨ ᠬᠡᠯᠡᠬᠦ ᠳᠤ ᠪᠠᠨ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠶ ᠪᠠᠷ ᠪᠦᠯᠬᠦᠮᠳᠡᠨ ᠬᠠᠮᠵᠢᠯᠴᠠᠵᠤ᠂ | ᠡᠪᠡᠳᠴᠢᠲᠡᠨ ᠢ ︽ᠦᠬᠦᠭᠦᠯᠬᠦ ᠦᠭᠡᠶ︾᠂ ᠡᠮᠨᠡᠯᠭᠡ ᠶᠢᠨ ᠠᠵᠢᠯᠲᠠᠨ ᠳᠤ ︽ᠬᠠᠯᠳᠠᠪᠤᠷᠢᠯᠠᠬᠤ ᠦᠭᠡᠶ︾᠂ ᠡᠮᠨᠡᠯᠭᠡ ᠠᠴᠠ | ᠭᠠᠷᠤᠭᠰᠠᠨ ᠡᠪᠡᠳᠴᠢᠲᠡᠨ ᠢ ︽ᠡᠭᠡᠭᠦᠯᠬᠦ ᠦᠭᠡᠶ︾ ᠶᠢ ᠡᠷᠡᠰ ᠪᠡᠶᠡᠯᠡᠭᠦᠯᠵᠦ᠂ ᠨᠠᠮ ᠪᠣᠯᠤᠨ ᠠᠷᠠᠳ ᠲᠦᠮᠡᠨ ᠠᠴᠠ | ᠳᠠᠭᠠᠭᠠᠯᠭᠠᠭᠰᠠᠨ ᠠᠷᠢᠭᠤᠨ ᠳᠠᠷᠬᠠᠨ ᠡᠭᠦᠷᠭᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠦᠨ᠎ᠡ ᠭᠡᠵᠡᠶ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠪᠠᠷ᠎ᠠ ᠪᠣᠯᠵᠣ | ᠲᠣᠬᠤᠨᠢᠭᠤᠯᠪᠠ᠃ | | |