ᠮᠠᠨ ᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ 2.3 ᠲᠦᠮᠡᠨ ᠭᠤᠣᠯ ᠴᠣᠭᠴᠠ ᠶᠢ ᠲᠣᠭᠠᠴᠢᠯᠠᠭᠰᠠᠨ ᠬᠠᠮᠢᠶᠠᠷᠤᠯᠲᠠ ᠳᠤ ᠣᠷᠣᠭᠤᠯᠪᠠ
ᠨᠡᠶᠢᠲᠡᠯᠡᠭᠰᠡᠨ ᠴᠠᠭ᠄
2022/3/1
     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ︽ᠭᠤᠣᠯ ᠴᠣᠭᠴᠠ ᠶᠢᠨ ᠨᠡᠷᠡᠰ ᠤᠨ ᠵᠢᠭᠰᠠᠭᠠᠯᠲᠠ ᠨᠢ ᠪᠦᠷᠢᠨ᠂ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠤᠭᠰᠠᠨ ᠢᠶᠠᠷ ᠲᠤᠭᠤᠰᠢᠲᠠᠢ᠂ ᠪᠦᠲᠦᠭᠡᠭᠳᠡᠬᠦᠨ ᠤ ᠢᠷᠡᠯᠲᠡ ᠶᠢ ᠪᠠᠶᠢᠴᠠᠭᠠᠵᠤ ᠪᠣᠯᠬᠤ︾ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠷᠢᠰᠢᠯ ᠢ ᠪᠠᠶᠢᠭᠤᠯᠬᠤ ᠶᠢᠨ ᠲᠤᠰᠠᠳᠠ᠂ ᠮᠠᠨ ᠤ ᠣᠷᠣᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ 2.3 ᠲᠦᠮᠡᠨ ᠭᠤᠣᠯ ᠴᠣᠭᠴᠠ ᠶᠢ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠬᠤ ᠶᠢ ᠠᠬᠢᠭᠤᠯᠪᠠ᠃ ᠲᠣᠰ ᠤᠳᠠᠭ᠎ᠠ ᠣᠷᠣᠭᠤᠯᠤᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠭᠤᠣᠯ ᠴᠣᠭᠴᠠ ᠳᠤ ᠢᠳᠡᠰᠢᠨ ᠨᠣᠭᠤᠭ᠎ᠠ᠂ ᠵᠢᠮᠢᠰ᠂ ᠮᠠᠯ ᠵᠢᠭᠦᠷᠲᠡᠨ᠂ ᠤᠰᠤᠨ ᠤ ᠭᠠᠷᠤᠯᠲᠠ ᠵᠡᠷᠭᠡ ᠠᠷᠠᠳ ᠣᠯᠠᠨ ᠤ ᠡᠳᠦᠷ ᠲᠤᠲᠤᠮ ᠤᠨ ᠬᠡᠷᠡᠭᠯᠡᠭᠡᠨ ᠤ ᠬᠡᠮᠵᠢᠶ᠎ᠡ ᠪᠠᠷ ᠨᠡᠯᠢᠶᠡᠳ ᠶᠡᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠠᠮᠤᠷᠴᠤ᠂ ᠲᠠᠷᠠᠭᠠᠴᠢ ᠶᠢᠨ ᠠᠯᠬᠤᠮ ᠳᠤ ᠨᠠᠷᠢᠯᠢᠭ ᠣᠨᠣᠴᠠᠲᠠᠢ ᠪᠠᠷ ᠬᠢᠨᠠᠨ ᠬᠠᠮᠢᠶᠠᠷᠬᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠲᠣᠥᠷᠵᠢᠭᠤᠯᠤᠭᠰᠠᠨ ᠬᠠᠮᠢᠶᠠᠷᠤᠯᠲᠠ ᠶᠠᠪᠤᠭᠤᠯᠬᠤ ᠱᠠᠭᠠᠷᠳᠠᠯᠭ᠎ᠠ ᠯᠤᠭ᠎ᠠ ᠤᠶᠠᠯᠳᠤᠭᠤᠯᠤᠨ᠂ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠤᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ 2.3 ᠲᠦᠮᠡᠨ ᠭᠤᠣᠯ ᠴᠣᠭᠴᠠ ᠨᠢ ᠬᠠᠮᠵᠢᠯᠴᠠᠨ ᠬᠠᠮᠢᠶᠠᠷᠤᠭᠴᠢ ᠲᠠᠢ ᠵᠣᠬᠢᠴᠠᠯᠳᠤᠬᠤ ᠬᠠᠷᠢᠴᠠᠭ᠎ᠠ ᠶᠢ ᠪᠣᠶ ᠪᠣᠯᠭᠠᠪᠠ᠃ ᠬᠠᠮᠵᠢᠯᠴᠠᠨ ᠬᠠᠮᠢᠶᠠᠷᠤᠭᠴᠢ ᠨᠢᠭᠡ ᠪᠦᠷᠢ ᠨᠢ ᠬᠠᠮᠢᠶᠠᠷᠤᠯᠲᠠ ᠶᠢᠨ ᠬᠡᠪᠴᠢᠶᠡᠨ ᠳᠠᠬᠢ ᠦᠢᠯᠡᠳᠪᠦᠷᠢᠯᠡᠯ ᠤᠨ ᠭᠤᠣᠯ ᠴᠣᠭᠴᠠ ᠳᠤ ᠲᠣᠭᠤᠷᠢᠨ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠭᠤᠣᠯᠳᠠᠭᠤ ᠦᠢᠯᠡᠳᠪᠦᠷᠢᠯᠡᠯ ᠤᠨ ᠭᠤᠣᠯ ᠴᠣᠭᠴᠠ ᠨᠢ ᠲᠠᠷᠢᠶᠠᠨ ᠡᠮ ᠮᠠᠯ ᠤᠨ ᠡᠮ ᠢ ᠬᠤᠳᠠᠯᠳᠤᠨ ᠠᠪᠬᠤ ᠪᠠ ᠬᠡᠷᠡᠭᠯᠡᠬᠦ ᠶᠢ ᠵᠢᠷᠤᠮᠵᠢᠭᠤᠯᠤᠭᠰᠠᠨ ᠡᠰᠡᠬᠦ᠂ ᠬᠠᠤᠯᠢ ᠲᠣᠭᠲᠠᠭᠠᠯ ᠢ ᠵᠥᠷᠢᠴᠡᠨ ᠴᠠᠭᠠᠵᠠᠯᠠᠭᠰᠠᠨ ᠪᠠ ᠬᠢᠵᠠᠭᠠᠷᠯᠠᠭᠰᠠᠨ ᠡᠮ ᠢ ᠬᠡᠷᠡᠭᠯᠡᠭᠰᠡᠨ ᠵᠡᠷᠭᠡ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢᠨ ︽ᠬᠠᠮᠤᠭ ᠤᠨ ᠠᠩᠬᠠᠨ ᠤ ᠨᠢᠭᠡ ᠺᠢᠯᠣᠮᠧᠳ᠋ᠷ︾ ᠤᠨ ᠬᠢᠨᠠᠨ ᠬᠠᠮᠢᠶᠠᠷᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠲᠠᠯᠳᠠ ᠭᠡᠮ ᠢ ᠴᠠᠭ ᠲᠤᠬᠠᠢ ᠳᠤ ᠨᠢ ᠣᠯᠵᠤ ᠮᠡᠳᠡᠬᠦ ᠶᠢᠨ ᠬᠠᠮᠲᠤ ᠬᠢᠨᠠᠨ ᠬᠠᠮᠢᠶᠠᠷᠤᠭᠴᠢ ᠳᠤ ᠮᠡᠳᠡᠭᠦᠯᠦᠨ᠎ᠡ᠃      ᠡᠭᠦᠨ ᠤ ᠬᠠᠮᠲᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠭᠤᠣᠯ ᠴᠣᠭᠴᠠ ᠶᠢ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠬᠤ ᠶᠢ ᠠᠬᠢᠭᠤᠯᠵᠤ᠂ ᠨᠠᠷᠢᠯᠢᠭ ᠣᠨᠣᠴᠠᠲᠠᠢ ᠪᠠᠷ ᠰᠤᠭᠤᠴᠢᠨ ᠪᠠᠶᠢᠴᠠᠭᠠᠬᠤ ᠶᠢ ᠪᠡᠶᠡᠯᠡᠭᠦᠯᠬᠦ ᠳᠤ ᠰᠠᠭᠤᠷᠢ ᠲᠠᠯᠪᠢᠪᠠ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠰᠢᠯᠭᠠᠨ ᠪᠠᠶᠢᠴᠠᠭᠠᠯᠲᠠ ᠬᠢᠬᠦ ᠦᠶᠡᠰ᠂ ᠬᠢᠨᠠᠨ ᠬᠠᠮᠢᠶᠠᠷᠤᠯᠲᠠ ᠶᠢᠨ ᠰᠢᠰᠲ᠋ᠧᠮ ᠳᠠᠬᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ 2.3 ᠲᠦᠮᠡᠨ ᠭᠤᠣᠯ ᠴᠣᠭᠴᠠ ᠶᠢᠨ ᠨᠡᠷᠡᠰ ᠤᠨ ᠵᠢᠭᠰᠠᠭᠠᠯᠲᠠ ᠠᠴᠠ ᠥᠯᠢᠭᠡᠷ ᠠᠪᠬᠤ ᠡᠲᠡᠭᠡᠳ ᠢ ᠲᠣᠬᠢᠶᠠᠯᠳᠤᠯ ᠢᠶᠠᠷ ᠰᠣᠩᠭᠤᠵᠤ᠂ ᠥᠯᠢᠭᠡᠷ ᠠᠪᠬᠤ ᠶᠢᠨ ᠳᠣᠬᠢᠶᠠᠯᠳᠤᠯ ᠴᠢᠨᠠᠷ ᠪᠠ ᠬᠠᠨᠳᠤᠯᠭᠠᠲᠤ ᠴᠢᠨᠠᠷ ᠢ ᠳᠡᠭᠡᠭᠰᠢᠯᠡᠭᠦᠯᠦᠨ᠂ ᠥᠯᠢᠭᠡᠷ ᠠᠪᠴᠤ ᠪᠠᠶᠢᠴᠠᠭᠠᠨ ᠰᠢᠯᠭᠠᠬᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠳᠠᠬᠢᠨ ᠳᠠᠪᠲᠠᠨ ᠥᠯᠢᠭᠡᠷ ᠠᠪᠬᠤ᠂ ᠰᠠᠨᠠᠭᠠᠴᠢᠯᠠᠭᠠᠲᠤ ᠪᠤᠰᠤ ᠪᠠᠷ ᠥᠯᠢᠭᠡᠷ ᠠᠪᠬᠤ ᠶᠢ ᠪᠦᠲᠦᠮᠵᠢᠲᠡᠶ ᠬᠤᠷᠢᠭᠯᠠᠵᠤ᠂ ᠬᠠᠤᠯᠢ ᠶᠢ ᠵᠥᠷᠢᠴᠡᠨ ᠴᠠᠭᠠᠵᠠᠯᠠᠭᠰᠠᠨ ᠪᠠ ᠬᠢᠵᠠᠭᠠᠷᠯᠠᠭᠰᠠᠨ ᠡᠮ ᠪᠠ ᠡᠩ ᠤᠨ ᠡᠮ ᠢ ᠳᠤᠷ᠎ᠠ ᠪᠠᠷ ᠢᠶᠠᠨ ᠬᠡᠷᠡᠭᠯᠡᠬᠦ ᠦᠶ᠋ᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠂ ᠴᠢᠩᠭ᠎ᠠ ᠬᠢᠵᠠᠭᠠᠷᠯᠠᠬᠤ᠂ ᠴᠢᠩᠭ᠎ᠠ ᠬᠠᠮᠢᠶᠠᠷᠬᠤ᠂ ᠴᠢᠩᠭ᠎ᠠ ᠴᠣᠬᠢᠯᠲᠠ ᠥᠭᠬᠦ ᠪᠣᠯᠣᠨ᠎ᠠ᠃      ᠢᠳᠡᠭᠡᠨ ᠳᠤ ᠬᠡᠷᠡᠭᠯᠡᠬᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠠᠴᠠ ᠵᠠᠬ᠎ᠠ ᠳᠡᠯᠭᠡᠭᠦᠷ᠂ ᠳᠠᠬᠢᠨ ᠬᠤᠭᠤᠯᠠᠨ ᠰᠢᠷᠡᠭᠡᠨ ᠳᠤ ᠬᠦᠷᠲᠡᠯᠡᠬᠢ ᠮᠥᠷᠳᠡᠨ ᠨᠡᠬᠡᠮᠵᠢᠯᠡᠬᠦ ᠬᠠᠮᠢᠶᠠᠷᠤᠯᠲᠠ ᠶᠢ ᠪᠡᠶᠡᠯᠡᠭᠦᠯᠬᠦ ᠶᠢ ᠠᠬᠢᠭᠤᠯᠬᠤ ᠶᠢᠨ ᠲᠤᠰᠠᠳᠠ᠂ ᠳᠠᠩᠰᠠᠯᠠᠭᠤᠯᠤᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ 2.3 ᠲᠦᠮᠡᠨ ᠭᠤᠣᠯ ᠴᠣᠭᠴᠠ ᠳᠤ ᠴᠥᠮ ᠬᠤᠶᠠᠷ ᠬᠡᠮᠵᠢᠯᠲᠦ ᠺᠣᠳ᠋ ᠳᠠᠭᠠᠯᠳᠤᠭᠤᠯᠵᠤ᠂ ︽ᠨᠢᠭᠡ ᠭᠤᠣᠯ ᠴᠣᠭᠴᠠ ᠨᠢᠭᠡ ᠮᠥᠷᠳᠡᠨ ᠨᠡᠬᠡᠮᠵᠢᠯᠡᠬᠦ ᠺᠣᠳ᠋ ᠬᠠᠷᠠᠭᠠᠯᠵᠠᠭᠤᠯᠬᠤ︾ ᠶᠢ ᠪᠡᠶᠡᠯᠡᠭᠦᠯᠦᠨ᠎ᠡ᠃ ᠡᠭᠦᠨ ᠤ ᠬᠠᠮᠲᠤ ᠪᠥᠬᠦ ᠣᠷᠣᠨ ᠤ ᠬᠢᠷᠢ ᠲᠡᠩᠴᠡᠭᠰᠡᠨ ᠦᠨᠡᠮᠯᠡᠯ ᠤᠨ ᠪᠠᠷᠢᠮᠵᠢᠶ᠎ᠠ ᠳᠤ ᠬᠦᠷᠬᠦ ᠠᠮᠠᠯᠠᠯᠲᠠ ᠶᠢ ᠨᠢᠭᠡᠨᠲᠡ ᠨᠠᠶᠢᠳᠠᠪᠤᠷᠢᠵᠢᠭᠤᠯᠤᠭᠰᠠᠨ ᠦᠢᠯᠡᠳᠪᠦᠷᠢᠯᠡᠯ ᠤᠨ ᠭᠤᠣᠯ ᠴᠣᠭᠴᠠ ᠶᠢ ᠴᠥᠮ ᠰᠢᠰᠲ᠋ᠧᠮ ᠳᠤ ᠣᠷᠣᠭᠤᠯᠤᠨ ᠰᠦᠯᠵᠢᠶᠡᠨ ᠳᠡᠭᠡᠷᠡᠬᠢ ᠬᠠᠮᠢᠶᠠᠷᠤᠯᠲᠠ ᠶᠢ ᠪᠡᠶᠡᠯᠡᠭᠦᠯᠵᠦ᠂ ︽ᠦᠢᠯᠡᠳᠪᠦᠷᠢᠯᠡᠯ ᠤᠨ ᠭᠤᠣᠯ ᠴᠣᠭᠴᠠ ᠶᠢᠨ ᠦᠢᠯᠡᠳᠪᠦᠷᠢᠯᠡᠯ ᠤᠨ ᠶᠠᠪᠤᠴᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ APP︾ ᠶᠢ ᠪᠠᠭᠤᠯᠭᠠᠬᠤ ᠪᠠᠷ ᠳᠠᠮᠵᠢᠭᠤᠯᠤᠨ᠂ ︽ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠡᠯᠧᠺᠳ᠋ᠷᠣᠨ ᠬᠢᠷᠢ ᠲᠡᠩᠴᠡᠭᠰᠡᠨ ᠦᠨᠡᠮᠯᠡᠯ + ᠮᠥᠷᠳᠡᠨ ᠨᠡᠬᠡᠮᠵᠢᠯᠡᠬᠦ ᠬᠠᠮᠢᠶᠠᠷᠤᠯᠲᠠ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠲᠦᠭᠡᠭᠳᠡᠬᠦᠨ ᠢ ᠲᠡᠮᠳᠡᠭ ᠳᠠᠭᠠᠯᠳᠤᠭᠤᠯᠤᠨ ᠵᠠᠬ᠎ᠠ ᠳᠡᠯᠭᠡᠭᠦᠷ ᠲᠤ ᠭᠠᠷᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠢᠷᠡᠯᠲᠡ ᠶᠢ ᠪᠠᠶᠢᠴᠠᠭᠠᠵᠤ ᠪᠣᠯᠬᠤ᠂ ᠨᠡᠬᠡᠮᠵᠢᠯᠡᠵᠦ ᠪᠣᠯᠬᠤ᠂ ᠡᠵᠡᠮᠳᠡᠵᠦ ᠪᠣᠯᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号