ᠪᠥᠬᠡᠪᠠᠶᠠᠷ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤᠵᠢᠭᠰᠠᠨ ᠶᠡᠭᠡ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/16
     3 ᠰᠠᠷ᠎ᠠ ᠶᠢᠨ 15 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤᠵᠢᠭᠰᠠᠨ ᠶᠡᠭᠡ ᠱᠠᠯᠠᠪᠳᠠᠭᠤᠯᠤᠨ ᠪᠠᠶᠢᠴᠠᠭᠠᠬᠤ ᠶᠢ ᠠᠬᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠩᠭᠤᠵᠢᠭᠰᠠᠨ ᠶᠡᠭᠡ ᠱᠠᠯᠠᠪᠳᠠᠭᠤᠯᠤᠨ ᠪᠠᠶᠢᠴᠠᠭᠠᠯᠲᠠ ᠶᠢ ᠥᠷᠨᠢᠭᠦᠯᠬᠦ ᠡᠯ᠎ᠡ ᠵᠦᠢᠯ ᠤᠨ ᠠᠵᠢᠯ ᠤᠨ ᠡᠭᠦᠷᠭᠡ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠲᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ ᠨᠥᠬᠦᠪᠦᠷᠢᠯᠡᠵᠦ᠂ ᠳᠤᠲᠠᠭᠤᠳᠠᠯ ᠢ ᠨᠥᠬᠦᠪᠦᠷᠢᠯᠡᠵᠦ᠂ ᠥᠭᠡᠷᠡᠴᠢᠯᠡᠬᠦ ᠶᠢ ᠰᠢᠪᠠᠳᠠᠨ ᠱᠠᠭᠠᠷᠳᠠᠵᠤ᠂ ᠮᠠᠨ ᠤ ᠬᠤᠰᠢᠭᠤᠨ ᠤ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠡᠭᠦᠷᠭᠡ ᠶᠢ ᠡᠮᠬᠢ ᠵᠢᠷᠤᠮ ᠲᠠᠢ ᠪᠥᠭᠡᠳ ᠪᠦᠲᠦᠮᠵᠢᠲᠡᠶ ᠥᠷᠨᠢᠭᠦᠯᠬᠦ ᠶᠢ ᠲᠦᠯᠬᠢᠨ ᠠᠬᠢᠭᠤᠯᠵᠤ᠂ ᠠᠵᠤ ᠠᠬᠤᠢ ᠶᠢᠨ ᠠᠵᠢᠯ ᠤᠨ ᠪᠥᠬᠦ ᠵᠢᠯ ᠳᠤ ᠲᠣᠭᠲᠠᠭᠤᠨ᠂ ᠤᠯᠠᠷᠢᠯ ᠳᠤ ᠲᠣᠭᠲᠠᠭᠤᠨ᠂ ᠰᠠᠷ᠎ᠠ ᠳᠤ ᠲᠣᠭᠲᠠᠭᠤᠨ ᠪᠠᠶᠢᠬᠤ ᠶᠢ ᠪᠠᠲᠤᠯᠠᠪᠠ᠃ ᠬᠤᠰᠢᠭᠤᠨ ᠤ ᠤᠳᠤᠷᠢᠳᠤᠯᠭ᠎ᠠ ᠵᠢᠶᠠ ᡁᠢ ᠺᠦᠢ᠂ ᠯᠥᠸᠧ ᠴᠧᠩ ᠭᠤᠸᠠᠩ᠂ ᠯᠦ ᠴᠤᠸᠠᠨ ᠱᠧᠨ᠂ ᠲᠢᠶᠠᠨ ᠹᠧᠩ ᠯᠢᠨ᠂ ᠯᠦ ᠰᠢᠨ᠂ ᠯᠢ ᠵᠢᠶᠠᠨ᠂ ᠳ᠋ᠦ᠋ ᠴᠧᠩ᠂ ᠳᠠᠯᠠᠶᠢᠪᠠᠲᠤ᠂ ᠳ᠋ᠢᠩ ᠸᠠᠨ ᠶᠦᠩ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠵᠢᠴᠢ ᠮᠠᠨ ᠤ ᠬᠤᠰᠢᠭᠤᠨ ᠤ ᠬᠤᠲᠠ ᠶᠢᠨ 2022 ᠣᠨ ᠤ ᠪᠠᠶᠢᠩᠭᠤᠵᠢᠭᠰᠠᠨ ᠶᠡᠭᠡ ᠱᠠᠯᠠᠪᠳᠠᠭᠤᠯᠤᠨ ᠪᠠᠶᠢᠴᠠᠭᠠᠬᠤ ᠠᠵᠢᠯ ᠢ ᠠᠬᠢᠭᠤᠯᠬᠤ ᠲᠤᠰᠬᠠᠢ ᠠᠩᠭᠢ ᠶᠢᠨ ᠭᠡᠰᠢᠭᠦᠨ ᠬᠤᠷᠠᠯ ᠳᠤ ᠣᠷᠣᠯᠴᠠᠵᠠᠢ᠃
     ᠬᠤᠷᠠᠯ ᠠᠴᠠ ︽ᠬᠥᠯᠥᠨ ᠪᠤᠶᠢᠷ ᠬᠤᠲᠠ ᠶᠢᠨ 2022 ᠣᠨ ᠤ ᠠᠩᠬᠠᠳᠤᠭᠠᠷ ᠡᠭᠡᠯᠵᠢ ᠶᠢᠨ ᠪᠠᠶᠢᠩᠭᠤᠵᠢᠭᠰᠠᠨ ᠶᠡᠭᠡ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠤᠯᠠᠮᠵᠢᠯᠠᠨ ᠰᠤᠷᠤᠯᠴᠠᠵᠤ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠯᠥᠨ ᠪᠤᠶᠢᠷ ᠬᠤᠲᠠ ᠶᠢᠨ 2022 ᠣᠨ ᠤ ᠪᠠᠶᠢᠩᠭᠤᠵᠢᠭᠰᠠᠨ ᠶᠡᠭᠡ ᠱᠠᠯᠠᠪᠳᠠᠭᠤᠯᠤᠨ ᠪᠠᠶᠢᠴᠠᠭᠠᠬᠤ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠰᠬᠠᠢ ᠠᠩᠭᠢ ᠪᠠᠶᠢᠭᠤᠯᠬᠤ ᠲᠤᠬᠠᠢ ᠮᠡᠳᠡᠭᠳᠡᠯ︾ ᠢ ᠤᠩᠰᠢᠨ ᠨᠡᠶᠢᠲᠡᠯᠡᠪᠡ᠃      ᠪᠥᠬᠡᠪᠠᠶᠠᠷ᠂ ᠪᠦᠬᠦ ᠬᠤᠳᠠ ᠳᠤ ᠪᠠᠶᠢᠩᠭᠤᠵᠢᠭᠰᠠᠨ ᠶᠡᠭᠡ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠬᠦ ᠪᠣᠯ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠣᠭᠲᠠᠭᠰᠠᠨ ᠴᠢᠬᠤᠯᠠ ᠠᠵᠢᠯ ᠪᠣᠯᠣᠨ᠎ᠠ᠃ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠤᠯᠤᠰ ᠲᠥᠷᠥ ᠶᠢ ᠡᠷᠬᠢᠮᠯᠡᠬᠦ ᠵᠣᠭᠰᠣᠴᠠ ᠪᠠ ᠪᠦᠬᠦ ᠲᠠᠯ᠎ᠠ ᠶᠢᠨ ᠡᠭᠦᠳᠡᠨ ᠠᠴᠠ᠂ ᠶᠡᠭᠡ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢ ᠨᠢᠭᠡ ᠤᠳᠠᠭᠠᠨ ᠤ ᠲᠥᠪ ᠴᠢᠩᠭ᠎ᠠ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾ ᠪᠠ ᠣᠷᠣᠰᠢᠵᠤ ᠪᠠᠶᠢᠭ᠎ᠠ ᠠᠰᠠᠭᠤᠳᠠᠯ ᠤᠨ ᠪᠦᠬᠦ ᠲᠠᠯ᠎ᠠ ᠶᠢᠨ ᠦᠨᠳᠦᠰᠦᠨ ᠵᠦᠢᠯ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠴᠢᠩᠭᠠᠳᠬᠠᠨ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠪᠠ ︽ᠳᠥᠷᠪᠡᠨ ᠠᠷᠭ᠎ᠠ ᠪᠦᠬᠦᠨ ᠢ ᠰᠦᠪᠡᠭᠴᠢᠯᠡᠬᠦ︾ ᠬᠥᠭᠵᠢᠯᠲᠡ ᠶᠢᠨ ᠬᠠᠷᠠᠯᠲᠠ ᠶᠢ ᠴᠢᠩᠭ᠎ᠠ ᠠᠩᠬᠠᠷᠴᠤ᠂ ︽ᠲᠠᠪᠤᠨ ᠡᠷᠬᠡᠪᠰᠢ︾ ᠪᠠ ︽ᠳᠥᠷᠪᠡᠨ ᠨᠠᠶᠢᠳᠠᠪᠤᠷᠢᠵᠢᠭᠤᠯᠤᠯᠲᠠ ᠶᠢ ᠠᠳᠬᠤᠬᠤ︾ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃      ᠪᠥᠬᠡᠪᠠᠶᠠᠷ ᠱᠠᠭᠠᠷᠳᠠᠬᠤ ᠳᠠᠭᠠᠨ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠢᠨ ᠡᠭᠦᠷᠭᠡ ᠪᠠᠨ ᠪᠥᠬᠦ ᠲᠠᠯ᠎ᠠ ᠪᠠᠷ ᠲᠠᠨᠢᠵᠤ᠂ ᠠᠵᠢᠯ ᠤᠨ ᠡᠬᠡ ᠲᠠᠩᠰᠠ ᠪᠠ ᠡᠭᠦᠷᠭᠡ ᠶᠢᠨ ᠨᠠᠷᠢᠨ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠪᠥᠬᠦ ᠤᠯᠤᠰ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠯᠲᠠ ᠶᠢ ᠤᠭᠲᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠪᠠᠶᠢᠩᠭᠤᠵᠢᠭᠰᠠᠨ ᠶᠡᠭᠡ ᠱᠠᠯᠠᠪᠳᠠᠭᠤᠯᠤᠨ ᠪᠠᠶᠢᠴᠠᠭᠠᠬᠤ ᠠᠵᠢᠯ ᠢᠶᠠᠷ ᠠᠵᠠ ᠲᠣᠬᠢᠶᠠᠯ ᠪᠣᠯᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠦᠨᠡᠨᠬᠦ ᠠᠬᠢᠭᠤᠯᠵᠤ᠂ ᠡᠭᠦᠳᠡ ᠪᠠᠨ ᠨᠡᠭᠡᠭᠡᠬᠦ ᠳᠤ ᠯᠠᠪᠳᠠᠭᠤᠨ᠂ ᠡᠭᠦᠳᠡ ᠪᠠᠨ ᠨᠡᠭᠡᠭᠡᠬᠦ ᠳᠤ ᠠᠮᠵᠢᠯᠲᠠ ᠲᠠᠢ᠂ ᠤᠯᠠᠷᠢᠯ ᠳᠤ ᠲᠣᠭᠲᠠᠭᠤᠨ᠂ ᠪᠦᠬᠦ ᠵᠢᠯ ᠳᠤ ᠠᠮᠵᠢᠯᠲᠠ ᠲᠠᠢ ᠪᠣᠯᠭᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ︽ᠶᠡᠬᠡᠪᠡᠷ ᠱᠠᠯᠠᠪᠳᠠᠭᠤᠯᠤᠨ ᠪᠠᠶᠢᠴᠠᠭᠠᠬᠤ︾ ᠦᠵᠡᠯᠲᠡ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠮᠲᠤᠷᠠᠯ ᠬᠦᠴᠦᠨ ᠪᠣᠯᠣᠨ ᠲᠦᠯᠬᠢᠬᠦ ᠬᠦᠴᠦᠨ ᠢ ᠨᠢᠭᠲᠠᠷᠠᠭᠤᠯᠵᠤ᠂ ᠵᠣᠬᠢᠶᠠᠨ ᠪᠠᠶᠢᠭᠤᠯᠤᠯᠲᠠ ᠶᠢ ᠪᠦᠷᠢᠨᠰᠢᠭᠦᠯᠵᠦ᠂ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ︔ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠵᠦ᠂ ᠵᠣᠬᠢᠴᠠᠯᠳᠤᠨ ᠬᠠᠮᠵᠢᠯᠴᠠᠬᠤ ᠬᠡᠷᠡᠭᠲᠡᠢ︔ ᠲᠣᠭᠲᠠᠴᠠ ᠶᠢ ᠲᠡᠭᠦᠯᠳᠡᠷᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠢ︔ ᠰᠠᠬᠢᠯᠭ᠎ᠠ ᠪᠠᠲᠤ ᠶᠢ ᠴᠢᠩᠳᠠᠯᠠᠵᠤ᠂ ᠳᠦᠷᠢ ᠲᠥᠷᠬᠦ ᠶᠢ ᠰᠠᠶᠢᠲᠤᠷ ᠪᠣᠶ ᠪᠣᠯᠭᠠᠵᠤ᠂ ᠲᠡᠮᠦᠷ ᠮᠡᠲᠦ ᠰᠠᠬᠢᠯᠭ᠎ᠠ ᠪᠠᠲᠤ ᠪᠠᠷ ᠬᠤᠲᠠ ᠶᠢᠨ ᠱᠠᠲᠤᠨ ᠤ ᠶᠡᠭᠡ ᠰᠢᠪᠠᠳᠠᠨ ᠪᠠᠶᠢᠴᠠᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号