ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠬᠦᠨᠳᠦ ᠨᠣᠴᠢᠲᠠᠢ | ᠨᠠᠷᠢᠨ ᠪᠤᠳᠤᠯᠢᠶᠠᠨᠲᠠᠢ ᠪᠠᠶᠢᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ | ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠰᠠᠶᠢᠲᠤᠷ | ᠠᠳᠬᠤᠬᠤ ᠶᠢᠨ ᠲᠦᠯᠦᠭᠡ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ | ᠭᠠᠵᠠᠷ ᠠᠴᠠ ᠰᠣᠳᠣᠯᠣᠯᠲᠠ ᠪᠠᠷ ᠳᠠᠮᠵᠢᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠵᠠᠷᠯᠠᠶ᠎ᠠ᠄ | ᠨᠢᠭᠡ᠂ ᠤᠯᠤᠰ ᠤᠨ ᠳᠣᠲᠣᠭᠠᠳᠤ ᠶᠢᠨ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠤ ᠪᠠᠶᠢᠭ᠎ᠠ | ᠰᠢᠶᠠᠨ ︵ᠬᠤᠰᠢᠭᠤ᠂ ᠬᠤᠲᠠ᠂ ᠲᠣᠭᠤᠷᠢᠭ︶᠂ ᠰᠢᠭᠤᠳ ᠬᠠᠷᠢᠶ᠎ᠠ ᠬᠤᠲᠠ ᠶᠢᠨ ᠬᠠᠷᠢᠶ᠎ᠠ ᠵᠡᠭᠡᠯᠢ ᠭᠤᠳᠤᠮᠵᠢ ︵ᠪᠠᠯᠭᠠᠰᠤ︶ | ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠬᠤ + | 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠬᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ︔ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠤ ᠪᠠᠶᠢᠭ᠎ᠠ | ᠰᠢᠶᠠᠨ ︵ᠬᠤᠰᠢᠭᠤ᠂ ᠬᠤᠲᠠ᠂ ᠲᠣᠭᠤᠷᠢᠭ︶᠂ ᠰᠢᠭᠤᠳ ᠬᠠᠷᠢᠶ᠎ᠠ ᠬᠤᠲᠠ ᠶᠢᠨ ᠬᠠᠷᠢᠶ᠎ᠠ ᠵᠡᠭᠡᠯᠢ ᠭᠤᠳᠤᠮᠵᠢ ︵ᠪᠠᠯᠭᠠᠰᠤ︶ | ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠲᠤ ︽14 ᠡᠳᠦᠷ ᠭᠡᠷ ᠲᠤ ᠪᠠᠨ ᠲᠤᠰᠠᠭᠠᠷᠯᠠᠬᠤ + 5 | ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠬᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠃ | ᠬᠤᠶᠠᠷ᠂ ︽ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠦᠭᠡᠮ ᠬᠦᠴᠢᠯ ᠤᠨ ᠪᠠᠶᠢᠴᠠᠭᠠᠯᠲᠠ ᠬᠢᠬᠦ | ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠥᠯᠥᠨ ᠪᠤᠶᠢᠷ ᠬᠤᠲᠠ ᠠᠴᠠ | ᠭᠠᠳᠠᠨᠠᠬᠢ ᠪᠤᠰᠤᠳ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ 48 ᠴᠠᠭ ᠤᠨ | ᠳᠣᠲᠣᠷ᠎ᠠ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ᠬᠦᠷᠴᠦ | ᠢᠷᠡᠭᠰᠡᠨ ᠤ ᠳᠠᠷᠠᠭᠠᠬᠢ 48 ᠴᠠᠭ ᠤᠨ ᠳᠣᠲᠣᠷ᠎ᠠ ᠳᠠᠬᠢᠨ ᠨᠢᠭᠡ ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ | ᠬᠢᠵᠦ᠂ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠦᠷ᠎ᠡ ᠳ᠋ᠦᠩ ᠨᠢ | ᠪᠢᠯᠢᠭ ᠴᠢᠨᠠᠷ ᠲᠠᠢ ᠪᠣᠯ ᠡᠮᠬᠢ ᠵᠢᠷᠤᠮ ᠲᠠᠢ ᠪᠠᠷ ᠰᠢᠯᠵᠢᠵᠦ ᠪᠣᠯᠣᠨ᠎ᠠ᠃ 48 ᠴᠠᠭ ᠤᠨ ᠳᠣᠲᠣᠷᠠᠬᠢ ᠪᠥᠭᠡᠮ | ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠤ ᠳᠡᠶᠢᠯᠬᠦ ᠦᠭᠡᠢ ᠪᠣᠯ ᠲᠡᠷᠡ ᠳᠠᠷᠤᠢ | ᠳᠤᠨᠢ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠥᠯᠢᠭᠡᠷ ᠠᠪᠴᠤ᠂ 24 ᠴᠠᠭ ᠤᠨ | ᠳᠣᠲᠣᠷ᠎ᠠ ᠪᠠᠶᠢᠴᠠᠭᠠᠯᠲᠠ ᠶᠢᠨ ᠦᠷ᠎ᠡ ᠳ᠋ᠦᠩ ᠢ ᠭᠠᠷᠭᠠᠵᠤ ᠥᠭᠭᠦᠨ᠎ᠡ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ | ᠴᠢᠨᠠᠷ ᠲᠠᠢ ᠪᠣᠯ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠶᠢᠨ ᠬᠠᠮᠲᠤ᠂ 48 ᠴᠠᠭ ᠤᠨ | ᠳᠣᠲᠣᠷ᠎ᠠ ᠳᠠᠬᠢᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠡ᠂ ᠪᠠᠶᠢᠴᠠᠭᠠᠯᠲᠠ ᠶᠢᠨ ᠦᠷ᠎ᠡ | ᠳ᠋ᠦᠩ ᠨᠢ ᠪᠢᠯᠢᠭ ᠴᠢᠨᠠᠷ ᠲᠠᠢ ᠪᠣᠯ ᠡᠮᠬᠢ ᠵᠢᠷᠤᠮ ᠲᠠᠢ ᠪᠠᠷ ᠰᠢᠯᠵᠢᠵᠦ ᠪᠣᠯᠣᠨ᠎ᠠ᠂ ᠡᠷᠡᠭᠦᠯ ᠮᠡᠨᠳᠦ ᠶᠢᠨ ᠬᠢᠨᠠᠨ | ᠬᠡᠮᠵᠢᠯᠲᠡ ᠶᠢᠨ ᠬᠤᠭᠤᠴᠠᠭᠠᠨ ᠳᠤ ᠴᠤᠭᠯᠠᠷᠠᠯ ᠤᠨ ᠴᠢᠨᠠᠷᠲᠠᠢ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠃ | ᠪᠤᠴᠠᠵᠤ ᠢᠷᠡᠭᠰᠡᠨ ᠪᠣᠶ ᠪᠦᠬᠦᠢ ᠬᠥᠮᠥᠰ ᠱᠠᠭᠠᠷᠳᠠᠯᠭ᠎ᠠ ᠶᠣᠰᠣᠭᠠᠷ ᠪᠥᠬᠦ ᠶᠠᠪᠤᠴᠠ ᠶᠢᠨ ᠪᠥᠭᠡᠮ ᠬᠦᠴᠢᠯ ᠤᠨ | ᠥᠯᠢᠭᠡᠷ ᠠᠪᠬᠤ ᠠᠵᠢᠯ ᠢ ᠬᠠᠮᠵᠢᠯᠴᠠᠨ ᠪᠡᠶᠡᠯᠡᠭᠦᠯᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠭᠰᠡᠨ | ᠮᠡᠳᠡᠭᠦᠯᠦᠯᠲᠡ ᠶᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠤᠶᠤ ᠠᠶᠠᠯᠠᠯ ᠢᠶᠠᠨ ᠮᠡᠳᠡᠭᠦᠯᠬᠦ | ᠦᠭᠡᠢ ᠨᠢᠭᠤᠭᠰᠠᠨ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠡᠪᠴᠢᠭᠰᠡᠨ ᠠᠴᠠ ᠪᠣᠯᠵᠤ ᠬᠢᠵᠢᠭ ᠤᠨ | ᠪᠠᠶᠢᠳᠠᠯ ᠢ ᠳᠡᠯᠭᠡᠷᠡᠭᠦᠯᠦᠭᠰᠡᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ | ᠬᠠᠮᠢᠶ᠎ᠠ ᠪᠦᠬᠦᠢ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | ᠭᠤᠷᠪᠠ᠂ ᠣᠶᠢᠷ᠎ᠠ ᠶᠢᠨ 14 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ | ᠲᠦᠭᠰᠢᠭᠦᠷᠢᠲᠡᠢ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠥᠰ ᠵᠢᠴᠢ ᠣᠶᠢᠷ᠎ᠠ ᠶᠢᠨ | ᠬᠤᠭᠤᠴᠠᠭᠠᠨ ᠳᠤ ᠬᠥᠯᠥᠨ ᠪᠤᠶᠢᠷ ᠬᠤᠲᠠ ᠠᠴᠠ ᠭᠠᠳᠠᠨᠠᠬᠢ ᠭᠠᠵᠠᠷ ᠣᠷᠣᠨ ᠠᠴᠠ ᠮᠠᠨ ᠤ ᠬᠤᠰᠢᠭᠤᠨ ᠳᠤ | ᠪᠤᠴᠠᠵᠤ ᠢᠷᠡᠭᠰᠡᠨ ᠬᠥᠮᠥᠰ ᠰᠠᠨᠠᠭᠠᠴᠢᠯᠠᠭ᠎ᠠ ᠠᠴᠠ ᠪᠠᠨ ᠰᠠᠭᠤᠭ᠎ᠠ ᠨᠡᠶᠢᠭᠡᠮ ᠲᠣᠭᠤᠷᠢᠭ ᠲᠤ ᠪᠠᠨ ᠮᠡᠳᠡᠭᠦᠯᠦᠨ | ᠳᠠᠩᠰᠠᠯᠠᠭᠤᠯᠵᠤ᠂ ᠭᠠᠳᠠᠭᠰᠢ ᠭᠠᠷᠤᠭᠰᠠᠨ ᠠᠶᠠᠯᠠᠯ ᠢᠶᠠᠨ ᠵᠣᠷᠢᠭᠤᠳᠠ ᠨᠢᠭᠤᠨ ᠳᠠᠯᠳᠠᠯᠠᠭᠰᠠᠨ ᠪᠤᠶᠤ ᠬᠠᠮᠢᠶ᠎ᠠ ᠪᠦᠬᠦᠢ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠬᠠᠮᠵᠢᠯᠴᠠᠬᠤ ᠶᠢ ᠲᠡᠪᠴᠢᠭᠰᠡᠨ ᠠᠴᠠ ᠪᠣᠯᠵᠤ ᠬᠢᠵᠢᠭ ᠤᠨ ᠪᠠᠶᠢᠳᠠᠯ ᠢ | ᠳᠡᠯᠭᠡᠷᠡᠭᠦᠯᠦᠭᠰᠡᠨ ᠬᠥᠮᠥᠰ ᠠᠴᠠ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ | ᠨᠡᠬᠡᠮᠵᠢᠯᠡᠨ᠎ᠡ︔ ᠠᠯᠪᠠᠨ ᠲᠤᠰᠢᠶᠠᠯᠲᠠᠨ ᠭᠠᠳᠠᠭᠰᠢ ᠭᠠᠷᠤᠭᠰᠠᠨ ᠵᠠᠮ ᠢᠶᠠᠨ ᠨᠢᠭᠤᠨ ᠳᠠᠯᠳᠠᠯᠠᠭᠰᠠᠳ ᠢ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠳᠤ ᠲᠤᠰᠢᠶᠠᠵᠤ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠭᠦᠯᠦᠨ᠎ᠡ᠃ | ᠳᠥᠷᠪᠡ᠂ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠳᠤ ᠬᠢᠵᠢᠭ ᠤᠨ ᠪᠠᠶᠢᠳᠠᠯ ᠣᠯᠠᠨᠲᠠ | ᠭᠠᠷᠬᠤ ᠶᠢ ᠳᠠᠭᠠᠯᠳᠤᠨ᠂ ᠥᠷᠭᠡᠨ ᠣᠯᠠᠨ ᠰᠠᠭᠤᠭᠠᠯᠢ ᠠᠷᠠᠳ ᠭᠠᠳᠠᠭᠰᠢ ᠭᠠᠷᠬᠤ ᠴᠢᠬᠤᠯᠠ ᠦᠭᠡᠢ ᠪᠣᠯ ᠭᠠᠷᠬᠤ | ᠦᠭᠡᠢ ᠪᠠᠶᠢᠵᠤ᠂ ᠬᠥᠮᠥᠨ ᠬᠠᠷ᠎ᠠ ᠶᠢᠨ ᠰᠢᠯᠵᠢᠯᠲᠡ ᠶᠢ ᠪᠠᠭᠠᠰᠬᠠᠵᠤ᠂ ᠠᠶᠠᠨ ᠵᠠᠮ ᠤᠨ ᠠᠶᠤᠯ ᠲᠦᠭᠰᠢᠭᠦᠷᠢ ᠶᠢ | ᠪᠠᠭᠠᠰᠬᠠᠬᠤ ᠶᠢ ᠰᠠᠨᠠᠭᠤᠯᠵᠤ ᠪᠠᠶᠢᠨ᠎ᠠ᠃ ᠬᠡᠷᠪᠡ ᠦᠨᠡᠬᠡᠷ ᠭᠠᠳᠠᠭᠰᠢ ᠭᠠᠷᠬᠤ ᠴᠢᠬᠤᠯᠠ ᠲᠠᠢ ᠪᠣᠯ᠂ ᠵᠣᠷᠢᠭᠰᠠᠨ | ᠭᠠᠵᠠᠷ ᠤᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠲᠠᠰ ᠢ ᠪᠠᠶᠢᠴᠠᠭᠠᠨ ᠯᠠᠪᠯᠠᠬᠤ ᠶᠢ ᠠᠩᠬᠠᠷᠴᠤ᠂ ᠬᠤᠪᠢ | ᠬᠥᠮᠥᠨ ᠤ ᠰᠡᠷᠭᠡᠶᠢᠯᠡᠨ ᠬᠠᠮᠠᠭᠠᠯᠠᠯᠲᠠ ᠶᠢ ᠪᠥᠬᠦ ᠶᠠᠪᠤᠴᠠ ᠳᠤ ᠰᠠᠶᠢᠲᠤᠷ ᠬᠢᠵᠦ᠂ ᠲᠤᠬᠠᠢ ᠶᠢᠨ ᠭᠠᠵᠠᠷ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠢ᠃ ᠬᠢᠯᠢ ᠶᠢᠨ ᠭᠠᠳᠠᠨ᠎ᠠ ᠪᠠ | ᠬᠢᠵᠢᠭ ᠤᠨ ᠪᠠᠶᠢᠳᠠᠯ ᠤᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠳᠤ ᠣᠴᠢᠬᠤ ᠠᠴᠠ ᠵᠠᠶᠢᠯᠠᠰᠬᠢᠬᠦ | ᠬᠡᠷᠡᠭᠲᠡᠢ᠂ ᠬᠡᠷᠪᠡ ᠦᠨᠡᠬᠡᠷ ᠣᠨᠴᠠᠭᠠᠶ ᠰᠢᠯᠲᠠᠭᠠᠨ ᠠᠴᠠ ᠪᠣᠯᠵᠤ ᠬᠢᠯᠢ ᠶᠢᠨ ᠭᠠᠳᠠᠨ᠎ᠠ ᠪᠠ ᠳᠤᠮᠳᠠ ᠦᠨᠳᠦᠷ | ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠳᠤ ᠣᠴᠢᠬᠤ ᠬᠥᠮᠥᠰ ᠭᠠᠳᠠᠭᠰᠢ ᠭᠠᠷᠬᠤ ᠠᠴᠠ ᠪᠠᠨ ᠡᠮᠦᠨ᠎ᠡ ᠪᠠᠶᠢᠭ᠎ᠠ | ᠨᠡᠶᠢᠭᠡᠮ ᠲᠣᠭᠤᠷᠢᠭ ᠲᠠᠭᠠᠨ ᠳᠠᠩᠰᠠᠯᠠᠭᠤᠯᠵᠤ᠂ ᠪᠠᠶᠢᠭ᠎ᠠ ᠨᠢᠭᠡᠴᠡ ᠳᠡᠭᠡᠨ ᠮᠡᠳᠡᠭᠦᠯᠦᠨ ᠳᠠᠩᠰᠠᠯᠠᠭᠤᠯᠵᠤ᠂ ᠪᠤᠴᠠᠵᠤ | ᠢᠷᠡᠭᠰᠡᠨ ᠤ ᠳᠠᠷᠠᠭ᠎ᠠ ᠲᠡᠷᠡ ᠳᠠᠷᠤᠢ ᠳᠤᠨᠢ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠢ᠂ ᠨᠢᠭᠤᠨ ᠳᠠᠯᠳᠠᠯᠠᠵᠤ | ᠪᠣᠯᠬᠤ ᠦᠭᠡᠢ᠃ | ᠲᠠᠪᠤ᠂ ᠡᠯ᠎ᠡ ᠲᠥᠷᠥᠯ ᠤᠨ ᠲᠣᠮᠣ ᠬᠡᠯᠪᠡᠷᠢ ᠶᠢᠨ ᠬᠤᠷᠠᠯ᠂ ᠠᠵᠢᠯᠯᠠᠭ᠎ᠠ᠂ ᠪᠣᠯᠪᠠᠰᠤᠷᠠᠯ ᠳᠤ ︽ᠬᠡᠨ ᠡᠷᠬᠢᠯᠡᠪᠡᠯ | ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠨᠠᠷᠢᠨ ᠬᠢᠨᠠᠮᠠᠭᠠᠢ ᠵᠢᠷᠤᠮᠵᠢᠭᠰᠠᠨ ᠰᠡᠷᠭᠡᠶᠢᠯᠡᠨ ᠡᠵᠡᠮᠳᠡᠬᠦ ᠲᠥᠰᠥᠯ ᠢ | ᠲᠣᠭᠲᠠᠭᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠬᠤᠰᠢᠭᠤᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ | ᠵᠢᠷᠭᠤᠭ᠎ᠠ᠂ ᠬᠤᠪᠢ ᠶᠢᠨ ᠡᠮᠴᠢᠯᠡᠭᠡᠨ ᠤ ᠭᠠᠵᠠᠷ᠂ ᠰᠢᠲᠠᠷ᠎ᠠ ᠶᠢᠨ ᠥᠷᠥᠭᠡ᠂ ᠴᠢᠴᠢᠭᠦᠷ ᠪᠥᠮᠪᠦᠭᠡ ᠶᠢᠨ ᠲᠢᠩᠬᠢᠮ᠂ | ᠠᠷᠢᠬᠢᠨ ᠪᠠᠭᠠᠷ᠂ ᠰᠦᠯᠵᠢᠶᠡᠨ ᠤ ᠪᠠᠭᠠᠷ᠂ KTV᠂ ᠺᠢᠨᠣ᠋ ᠶᠢᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ | ᠡᠵᠡᠩᠨᠡᠯᠲᠡ ᠶᠢᠨ ᠴᠢᠨᠠᠷᠲᠠᠢ ᠲᠠᠯᠠᠪᠤᠷ ᠭᠠᠵᠠᠷ ᠪᠠ ᠢᠳᠡᠰᠢᠨ ᠨᠣᠭᠤᠭ᠎ᠠ ᠶᠢᠨ ᠳᠡᠯᠭᠡᠭᠦᠷ᠂ ᠠᠮᠤ ᠲᠣᠰᠣᠨ ᠤ ᠳᠡᠯᠭᠡᠭᠦᠷ᠂ | ᠬᠡᠲᠦ ᠳᠡᠯᠭᠡᠭᠦᠷ ᠵᠡᠷᠭᠡ ᠠᠮᠢᠳᠤᠷᠠᠯ ᠤᠨ ᠪᠠᠲᠤᠯᠠᠭ᠎ᠠ ᠶᠢᠨ ᠬᠠᠩᠭᠠᠯᠭ᠎ᠠ ᠶᠢᠨ ᠲᠠᠯᠠᠪᠤᠷ ᠭᠠᠵᠠᠷ ᠤᠳ ᠺᠣᠳ᠋ ᠰᠢᠷᠪᠢᠬᠦ᠂ | ᠪᠡᠶ᠎ᠡ ᠶᠢᠨ ᠳᠤᠯᠠᠭᠠᠨ ᠢ ᠬᠡᠮᠵᠢᠬᠦ᠂ ᠳᠠᠩᠰᠠᠯᠠᠬᠤ ᠵᠡᠷᠭᠡ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠬᠦ ᠬᠢᠨᠠᠯᠲᠠ ᠲᠠᠯᠪᠢᠭᠴᠢ ᠪᠠ | ᠠᠷᠢᠭᠤᠳᠬᠠᠬᠤ ᠲᠤᠰᠬᠠᠢ ᠲᠤᠰᠢᠶᠠᠯᠲᠠᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠣᠴᠢᠳ ᠢ | ᠶᠡᠷᠦᠩᠬᠡᠢ ᠭᠥᠯᠢᠶᠡᠨ ᠠᠪᠬᠤ ᠬᠡᠮᠵᠢᠶ᠎ᠡ ᠶᠢᠨ 50% ᠳᠣᠲᠣᠷ᠎ᠠ ᠬᠢᠵᠠᠭᠠᠷᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠬᠦ ᠦᠭᠡᠢ ᠪᠤᠶᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠲᠡᠪᠴᠢᠭᠰᠡᠨ ᠡᠵᠡᠩᠨᠡᠯᠲᠡ ᠶᠢᠨ ᠭᠤᠣᠯ ᠴᠣᠭᠴᠠ ᠶᠢ ᠠᠵᠢᠯ ᠲᠥᠷᠥᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠠᠵᠢᠯ ᠢ ᠨᠢ ᠵᠣᠭᠰᠣᠭᠠᠨ ᠴᠡᠭᠴᠡᠯᠡᠨ᠎ᠡ᠃ | ᠳᠣᠯᠤᠭ᠎ᠠ᠂ ᠣᠳᠣᠬᠠᠨ ᠤ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠠᠴᠠ ᠦᠵᠡᠪᠡᠯ᠂ ᠲᠦᠷᠭᠡᠨ | ᠬᠦᠷᠭᠡᠬᠦ ᠡᠳ᠋ ᠪᠣᠳᠠᠰ ᠢᠶᠠᠷ ᠳᠡᠮᠵᠢᠨ ᠬᠦᠮᠦᠨ ᠳᠤ ᠬᠠᠯᠳᠠᠪᠤᠷᠢᠯᠠᠬᠤ ᠲᠦᠭᠰᠢᠭᠦᠷᠢ ᠣᠷᠣᠰᠢᠵᠤ ᠪᠣᠢ᠂ ᠥᠷᠭᠡᠨ ᠣᠯᠠᠨ | ᠲᠦᠮᠡᠨ ᠳᠤ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠯᠢ ᠴᠢᠳᠠᠬᠤ ᠪᠠᠷ ᠰᠦᠯᠵᠢᠶᠡᠨ ᠳᠡᠭᠡᠷ᠎ᠡ ᠠᠴᠠ | ᠬᠤᠳᠠᠯᠳᠤᠨ ᠠᠪᠬᠤ ᠦᠭᠡᠢ ᠪᠠᠶᠢᠬᠤ ᠶᠢ ᠰᠠᠨᠠᠭᠤᠯᠵᠤ᠂ ᠦᠨᠡᠨ ᠬᠦ ᠬᠤᠳᠠᠯᠳᠤᠨ ᠠᠪᠬᠤ ᠴᠢᠬᠤᠯᠠᠲᠠᠢ ᠪᠣᠯ ᠲᠦᠷᠭᠡᠨ | ᠬᠦᠷᠭᠡᠬᠦ ᠡᠳ᠋ ᠪᠠᠷᠠᠭ᠎ᠠ ᠶᠠᠪᠤᠭᠤᠯᠬᠤ ᠭᠠᠵᠠᠷ ᠵᠢᠴᠢ ᠡᠳ᠋ ᠪᠠᠷᠠᠭ᠎ᠠ ᠲᠡᠭᠡᠭᠡᠪᠦᠷᠢᠯᠡᠬᠦ ᠵᠠᠮ ᠮᠥᠷ ᠢ ᠪᠠᠶᠢᠴᠠᠭᠠᠨ | ᠲᠣᠳᠣᠯᠠᠵᠤ᠂ ᠡᠳ᠋ ᠪᠣᠳᠠᠰ ᠢ ᠬᠤᠷᠢᠶᠠᠨ ᠠᠪᠤᠪᠠᠯ ᠴᠠᠭ ᠲᠤᠬᠠᠢ ᠳᠤᠨᠢ ᠠᠷᠢᠭᠤᠳᠬᠠᠬᠤ ᠠᠷᠭ᠎ᠠ ᠬᠡᠮᠵᠢᠶ᠎ᠡ ᠶᠢ | ᠰᠠᠶᠢᠲᠤᠷ ᠬᠢᠬᠦ ᠬᠡᠷᠡᠭᠲᠡᠢ᠃ | ᠨᠠᠢᠮᠠ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠳᠠᠷᠢᠬᠤ ᠪᠣᠯ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠢ ᠰᠡᠷᠭᠡᠶᠢᠯᠡᠬᠦ ᠪᠠ ᠬᠢᠵᠠᠭᠠᠷᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠰᠢᠨ᠎ᠡ ᠲᠢᠳᠢᠮᠯᠢᠭ ᠸᠢᠷᠦ᠋ᠰ ᠤᠨ | ᠸᠠᠺᠼᠢᠨ ᠢ ᠬᠤᠶᠠᠷ ᠤᠳᠠᠭ᠎ᠠ ᠳᠠᠷᠢᠵᠤ ᠳᠠᠭᠤᠰᠬᠠᠭᠠᠳ ᠪᠦᠬᠦᠯᠢ 6 ᠰᠠᠷ᠎ᠠ ᠪᠣᠯᠵᠤ᠂ 3 ︱ 11 ᠨᠠᠰᠤ ᠵᠢᠴᠢ 60 | ᠨᠠᠰᠤᠨ ᠠᠴᠠ ᠳᠡᠭᠡᠭᠰᠢᠬᠢ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠥᠮᠥᠰ ᠸᠠᠺᠼᠢᠨ ᠤ ᠲᠠᠷᠢᠯᠭ᠎ᠠ ᠶᠢᠨ ᠴᠡᠭ ᠲᠤ | ᠲᠦᠷᠭᠡᠨ ᠬᠦᠷᠴᠦ ᠲᠠᠷᠢᠯᠭ᠎ᠠ ᠶᠢᠨ ᠠᠵᠢᠯ ᠢᠶᠠᠨ ᠳᠠᠭᠤᠰᠬᠠᠵᠤ᠂ ᠪᠥᠬᠦ ᠬᠥᠮᠥᠰ ᠤᠨ ᠡᠪᠡᠳᠴᠢᠨ ᠢ ᠡᠰᠡᠷᠭᠦᠴᠡᠬᠦ | ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠲᠡᠢ᠃ | ᠶᠢᠰᠦ᠂ ᠥᠷᠭᠡᠨ ᠣᠯᠠᠨ ᠲᠦᠮᠡᠨ ᠳᠤ ᠬᠤᠯᠪᠣᠭᠳᠠᠯ ᠪᠦᠬᠦᠢ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ | ᠠᠵᠢᠯᠯᠠᠭ᠎ᠠ ᠶᠢᠨ ᠵᠠᠮ ᠮᠥᠷ ᠢ ᠴᠠᠭ ᠲᠤᠬᠠᠢ ᠳᠤᠨᠢ ᠠᠩᠬᠠᠷᠬᠤ ᠶᠢ ᠰᠠᠨᠠᠭᠤᠯᠵᠤ᠂ ᠬᠡᠷᠪᠡ ᠣᠨᠣᠰᠢᠯᠠᠭᠰᠠᠨ | ᠡᠪᠡᠳᠴᠢᠨ ᠤ ᠵᠢᠱᠢᠶ᠎ᠡ ᠶᠢᠨ ᠠᠵᠢᠯᠯᠠᠭ᠎ᠠ ᠶᠢᠨ ᠵᠠᠮ ᠮᠥᠷ ᠯᠦᠭᠡ ᠰᠣᠯᠪᠢᠴᠠᠨ ᠴᠤᠭᠯᠠᠷᠠᠭᠰᠠᠨ ᠪᠠᠶᠢᠪᠠᠯ᠂ | ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ᠂ ᠠᠵᠢᠯᠯᠠᠵᠤ ᠪᠠᠶᠢᠭ᠎ᠠ ᠨᠢᠭᠡᠴᠡ ᠳᠡᠭᠡᠨ ᠮᠡᠳᠡᠭᠦᠯᠦᠨ | ᠳᠠᠩᠰᠠᠯᠠᠭᠤᠯᠬᠤ ᠶᠢᠨ ᠬᠠᠮᠲᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ | ᠬᠡᠷᠡᠭᠲᠡᠢ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 3 ᠰᠠᠷ᠎ᠠ ᠶᠢᠨ 13 | | |