ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠶᠢ ᠤᠯᠠᠮᠵᠢᠯᠠᠨ ᠰᠣᠷᠣᠯᠴᠠᠵᠤ ᠲᠤᠭᠤᠰᠢᠯᠠᠭᠤᠯᠵᠠᠢ
ᠨᠡᠶᠢᠲᠡᠯᠡᠭᠰᠡᠨ ᠴᠠᠭ᠄
2022/3/16
     3 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠶᠢ ᠤᠯᠠᠮᠵᠢᠯᠠᠨ ᠰᠣᠷᠣᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠯᠤᠰ ᠬᠡᠳᠦ ᠶᠢᠨ ᠵᠣᠭᠰᠣᠴᠠ ᠲᠠᠢ᠂ ᠭᠦᠨ ᠭᠦᠨᠵᠡᠭᠡᠢ ᠦᠵᠡᠯ ᠰᠠᠨᠠᠭ᠎ᠠ ᠲᠠᠢ᠂ ᠡᠯᠪᠡᠭ ᠪᠠᠶᠠᠯᠢᠭ ᠠᠭᠤᠯᠤᠭᠳᠠᠬᠤᠨ ᠲᠠᠢ ᠪᠠᠶᠢᠵᠤ᠂ ᠴᠥᠮ ᠪᠥᠬᠦ ᠲᠠᠯ᠎ᠠ ᠪᠣᠯᠣᠨ ᠠᠯᠤᠰ ᠬᠡᠳᠦ ᠶᠢᠨ ᠬᠥᠭᠵᠢᠯᠲᠡ ᠳᠤ ᠬᠤᠯᠪᠣᠭᠳᠠᠬᠤ ᠶᠡᠭᠡ ᠶᠠᠪᠤᠳᠠᠯ ᠴᠢᠬᠤᠯᠠ ᠶᠠᠪᠤᠳᠠᠯ ᠢ ᠴᠢᠬᠤᠯᠠᠴᠢᠯᠠᠵᠤ᠂ ᠲᠦᠢᠯ ᠤᠨ ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ ᠪᠣᠯᠣᠨ ᠬᠠᠨᠳᠤᠯᠭᠠᠲᠤ ᠴᠢᠨᠠᠷ ᠲᠠᠢ ᠶᠤᠮ᠃ ᠪᠢᠳᠡ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠣᠷᠣᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠷᠢᠭᠤᠴᠠᠯᠭ᠎ᠠ ᠡᠭᠦᠷᠭᠡᠯᠡᠨ᠂ ᠭᠦᠨᠵᠡᠭᠡᠢ ᠰᠣᠷᠣᠯᠴᠠᠨ ᠨᠡᠪᠲᠡᠷᠡᠲᠡᠯ᠎ᠡ ᠣᠶᠢᠯᠠᠭᠠᠬᠤ᠂ ᠰᠣᠷᠣᠯᠴᠠᠨ ᠮᠡᠳᠡᠵᠦ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠦᠨᠡᠨ ᠬᠦ ᠬᠦᠴᠦ ᠲᠠᠯᠪᠢᠵᠤ᠂ ᠰᠣᠷᠣᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠢ ᠴᠢᠷᠮᠠᠶᠢᠨ ᠬᠢᠬᠦ ᠬᠡᠷᠡᠭᠲᠡᠢ᠃ ᠪᠥᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠦᠳᠲᠡᠷ ᠲᠦᠷᠭᠡᠨ ᠬᠥᠳᠡᠯᠦᠯᠴᠡᠵᠦ᠂ ᠨᠠᠷᠢᠯᠢᠭ ᠵᠣᠬᠢᠶᠠᠨ ᠪᠠᠶᠢᠭᠤᠯᠵᠤ᠂ ᠨᠢᠮᠪᠠᠢ ᠲᠣᠬᠢᠷᠠᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠬᠥᠮᠥᠵᠢᠯ ᠪᠣᠯᠪᠠᠰᠤᠷᠠᠯ ᠪᠣᠯᠣᠨ ᠤᠬᠠᠭᠤᠯᠭ᠎ᠠ ᠲᠠᠶᠢᠯᠪᠤᠷᠢᠯᠠᠯᠲᠠ ᠶᠢ ᠰᠠᠶᠢᠲᠤᠷ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠨ ᠤᠬᠠᠭᠤᠯᠵᠤ ᠲᠤᠭᠤᠰᠢᠯᠠᠭᠤᠯᠬᠤ ᠶᠢ ᠦᠨᠡᠨ ᠬᠦ ᠭᠦᠨᠵᠡᠭᠡᠶᠢᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠴᠢᠬᠤᠯᠠ ᠴᠠᠭ ᠮᠥᠴᠡ ᠳᠤ᠂ ᠶᠡᠷᠦᠩᠬᠡᠢ ᠱᠦᠵᠢ ᠰᠢ ᠶᠢᠨ ᠫᠢᠩ ︽ᠲᠠᠪᠤᠨ ᠵᠠᠪᠠᠯ ᠶᠠᠪᠤᠬᠤ ᠵᠠᠮ︾ ᠢᠶᠠᠷ ᠰᠢᠨ᠎ᠡ ᠴᠠᠭ ᠦᠶ᠎ᠡ ᠶᠢᠨ ᠨᠠᠮ ᠪᠣᠯᠣᠨ ᠠᠷᠠᠳ ᠲᠦᠮᠡᠨ ᠤ ᠡᠷᠡᠮᠡᠬᠡᠶᠢᠯᠡᠨ ᠤᠷᠤᠭᠰᠢᠯᠠᠭᠰᠠᠨ ᠥᠩᠭᠡᠷᠡᠯᠲᠡ ᠠᠴᠠ ᠭᠡᠷᠡᠴᠢᠯᠡᠭᠰᠡᠨ ᠴᠢᠬᠤᠯᠠ ᠲᠠᠨᠢᠯᠲᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠨ ᠤ ᠨᠠᠮ ᠤᠨ ᠰᠢᠨ᠎ᠡ ᠭᠠᠷᠤᠭ᠎ᠠ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠢᠷᠡᠭᠡᠳᠦᠢ ᠶᠢ ᠨᠡᠭᠡᠭᠡᠬᠦ ᠪᠠᠲᠤ ᠴᠢᠩᠭ᠎ᠠ ᠲᠡᠦᠬᠡ ᠶᠢᠨ ᠢᠲᠡᠭᠡᠯ ᠢ ᠢᠯᠡᠷᠡᠭᠦᠯᠵᠦ᠂ ᠪᠢᠳᠡᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ᠂ ᠰᠢᠨ᠎ᠡ ᠬᠠᠭᠤᠳᠠᠰᠤ ᠶᠢ ᠪᠢᠴᠢᠭᠯᠡᠬᠦ ᠢᠲᠡᠭᠡᠯ ᠵᠣᠷᠢᠭ ᠢ ᠨᠡᠩ ᠪᠠᠲᠤᠳᠬᠠᠪᠠ᠃ ᠪᠥᠬᠦ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ ︽ᠲᠠᠪᠤᠨ ᠵᠠᠪᠠᠯ ᠶᠠᠪᠤᠬᠤ ᠵᠠᠮ︾ ᠤᠨ ᠲᠤᠬᠠᠢ ᠴᠢᠬᠤᠯᠠ ᠲᠠᠨᠢᠯᠲᠠ ᠪᠠᠨ ᠦᠨᠡᠨ ᠬᠦ ᠭᠦᠨᠵᠡᠭᠡᠶᠢᠷᠡᠭᠦᠯᠵᠦ᠂ ᠡᠭᠦᠨ ᠤ ᠳᠤᠮᠳᠠ ᠠᠴᠠ ᠠᠵᠢᠯ ᠬᠢᠵᠦ ᠦᠢᠯᠡᠰ ᠪᠣᠰᠬᠠᠬᠤ᠂ ᠢᠷᠡᠭᠡᠳᠦᠢ ᠶᠢ ᠨᠡᠭᠡᠭᠡᠬᠦ ᠣᠶᠣᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠢ ᠨᠡᠩ ᠢᠲᠡᠭᠡᠯ ᠲᠡᠭᠦᠯᠳᠡᠷ ᠢᠶᠠᠷ ᠤᠷᠤᠭᠰᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠶᠢ ᠭᠦᠨᠵᠡᠭᠡᠢ ᠡᠵᠡᠮᠰᠢᠨ᠂ ᠰᠡᠳᠬᠢᠯ ᠲᠠᠯᠪᠢᠨ ᠣᠶᠢᠯᠠᠭᠠᠵᠤ᠂ ᠤᠯᠤᠰ ᠲᠥᠷᠥ ᠪᠣᠯᠣᠨ ᠪᠥᠬᠦ ᠲᠠᠯ᠎ᠠ ᠶᠢᠨ ᠥᠨᠳᠥᠷᠴᠡ ᠠᠴᠠ ᠦᠨᠳᠦᠰᠦᠲᠡᠨ ᠤ ᠠᠵᠢᠯ ᠳᠤ ᠬᠠᠨᠳᠤᠬᠤ ᠪᠠ ᠦᠨᠳᠦᠰᠦᠲᠡᠨ ᠤ ᠠᠵᠢᠯ ᠢ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠦᠨᠳᠦᠰᠦᠲᠡᠨ ᠤ ᠠᠵᠢᠯ ᠢ ᠲᠥᠯᠥᠪᠵᠢᠭᠦᠯᠦᠨ ᠠᠬᠢᠭᠤᠯᠵᠤ᠂ ᠬᠢᠬᠦ ᠶᠣᠰᠣᠲᠠᠢ ᠠᠵᠢᠯ ᠢ ᠡᠷᠡᠰ ᠬᠦᠴᠦᠲᠡᠢ ᠠᠬᠢᠭᠤᠯᠵᠤ᠂ ᠬᠢᠵᠦ ᠪᠣᠯᠬᠤ ᠦᠭᠡᠢ ᠶᠠᠪᠤᠳᠠᠯ ᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠨ ᠬᠤᠷᠢᠭᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠭᠤᠶᠢᠪᠢᠯᠵᠠᠭᠤᠯᠬᠤ ᠠᠯᠢᠪᠠ ᠦᠭᠡ ᠶᠠᠷᠢᠶ᠎ᠠ ᠦᠢᠯᠡ ᠠᠵᠢᠯᠯᠠᠭ᠎ᠠ ᠲᠠᠢ ᠡᠷᠡᠰ ᠲᠡᠮᠡᠴᠡᠬᠦ ᠬᠡᠷᠡᠭᠲᠡᠢ᠃ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠭᠠᠷᠳᠠᠴᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠭᠦᠨᠵᠡᠭᠡᠶᠢᠷᠡᠭᠦᠯᠬᠦ ᠶᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠵᠢᠵᠢᠭ ᠰᠠᠵᠢᠭ ᠵᠦᠢᠯ ᠳᠡᠭᠡᠷ᠎ᠡ ᠢᠯᠡᠷᠡᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ ᠵᠠᠯᠠᠭᠤᠴᠤᠳ ᠪᠠᠭᠠᠴᠤᠳ ᠤᠨ ᠦᠵᠡᠯ ᠰᠠᠨᠠᠭᠠᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠵᠢᠷᠦᠬᠡᠨ ᠳᠤ ᠭᠦᠨ ᠦᠨᠳᠦᠰᠦᠯᠡᠭᠦᠯᠬᠦ ᠬᠡᠷᠡᠭᠲᠡᠢ᠃ ᠬᠡᠯᠪᠡᠷᠢᠯ ᠢ ᠵᠠᠯᠠᠷᠠᠭᠤᠯᠤᠨ ᠴᠢᠭᠯᠡᠯ ᠢ ᠵᠠᠰᠠᠬᠤ ᠠᠵᠢᠯ ᠢ ᠢᠳᠡᠪᠬᠢᠲᠡᠢ ᠪᠣᠯᠭᠤᠮᠵᠢᠲᠠᠢ᠂ ᠦᠷᠭᠦᠯᠵᠢᠯᠡᠨ ᠭᠦᠨᠵᠡᠭᠡᠢ ᠠᠬᠢᠭᠤᠯᠵᠤ᠂ ᠲᠣᠪᠤᠶᠢᠮ᠎ᠠ ᠠᠰᠠᠭᠤᠳᠠᠯ ᠢ ᠪᠥᠬᠦ ᠲᠠᠯ᠎ᠠ ᠪᠠᠷ᠂ ᠪᠣᠳᠠᠲᠠᠢ᠂ ᠭᠦᠨᠵᠡᠭᠡᠢ ᠴᠡᠭᠴᠡᠯᠡᠨ ᠰᠠᠶᠢᠵᠢᠷᠠᠭᠤᠯᠵᠤ᠂ ᠵᠥᠷᠢᠶᠡᠲᠦ ᠴᠢᠨᠠᠷ ᠢ ᠲᠣᠪᠤᠶᠢᠯᠭᠠᠬᠤ ᠪᠠ ᠴᠢᠩᠭᠠᠳᠬᠠᠬᠤ᠂ ᠬᠠᠮᠲᠤ ᠶᠢᠨ ᠴᠢᠨᠠᠷ ᠢ ᠤᠮᠳᠤᠭᠠᠶᠢᠯᠠᠬᠤ ᠪᠠ ᠰᠤᠯᠠᠷᠠᠭᠤᠯᠬᠤ ᠠᠰᠠᠭᠤᠳᠠᠯ ᠪᠣᠯᠣᠨ ᠬᠢᠳᠡᠯ ᠢ ᠡᠷᠡᠰ ᠵᠠᠯᠠᠷᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠱᠠᠭᠠᠷᠳᠠᠯᠭ᠎ᠠ ᠶᠢ ᠪᠥᠬᠦ ᠣᠷᠣᠨ ᠤ ᠲᠡᠦᠬᠡ ᠰᠣᠶᠣᠯ ᠤᠬᠠᠭᠤᠯᠭ᠎ᠠ ᠬᠥᠮᠥᠵᠢᠯ᠂ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠳᠡᠯᠭᠡᠨ ᠦᠵᠡᠭᠦᠯᠭᠡ ᠵᠡᠷᠭᠡ ᠬᠤᠯᠪᠣᠭᠳᠠᠯ ᠪᠦᠬᠦᠢ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠲᠠᠢ᠂ ᠦᠨᠳᠦᠰᠦᠲᠡᠨ ᠨᠦᠭᠦᠳ ᠤᠨ ᠰᠣᠶᠣᠯ ᠤᠨ ᠰᠢᠮ᠎ᠡ ᠲᠡᠵᠢᠭᠡᠯ ᠢ ᠭᠦᠢᠴᠡᠳ ᠰᠢᠩᠭᠡᠭᠡᠭᠰᠡᠨ ᠨᠡᠩ ᠣᠯᠠᠨ ᠰᠣᠶᠣᠯ ᠤᠨ ᠲᠡᠮᠳᠡᠭ ᠪᠠ ᠬᠠᠷᠠᠭᠠᠨ ᠰᠡᠷᠡᠯ ᠤᠨ ᠳᠦᠷᠢ ᠲᠥᠷᠬᠦ ᠶᠢ ᠪᠣᠢ ᠪᠣᠯᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠳᠤᠮᠳᠠᠳᠤ ᠶᠢᠨ ᠰᠣᠶᠣᠯ ᠪᠠ ᠲᠣᠰ ᠦᠨᠳᠦᠰᠦᠲᠡᠨ ᠤ ᠰᠣᠶᠣᠯ ᠤᠨ ᠬᠠᠷᠢᠴᠠᠭ᠎ᠠ ᠶᠢ ᠵᠥᠪ ᠢᠶᠠᠷ ᠲᠠᠨᠢᠵᠤ ᠰᠢᠢᠳᠪᠦᠷᠢᠯᠡᠬᠦ ᠶᠢ ᠬᠥᠲᠥᠯᠥᠨ ᠵᠢᠯᠣᠭᠤᠳᠴᠤ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭ᠎ᠠ ᠰᠣᠶᠣᠯ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠣᠨ ᠰᠠᠨᠠᠭᠠᠨ ᠤ ᠭᠡᠷ ᠣᠷᠣᠨ ᠢ ᠬᠦᠴᠦᠯᠡᠨ ᠪᠦᠲᠦᠭᠡᠨ ᠪᠠᠶᠢᠭᠤᠯᠬᠤ ᠬᠡᠷᠡᠭᠲᠡᠢ᠃ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠡᠷᠡᠭᠦᠯ ᠢᠶᠠᠷ ᠬᠥᠭᠵᠢᠬᠦ᠂ ᠪᠥᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠢᠯᠡᠷᠡᠭᠰᠡᠨ ᠲᠣᠪᠤᠶᠢᠮ᠎ᠠ ᠠᠰᠠᠭᠤᠳᠠᠯ ᠢ ᠭᠦᠨᠵᠡᠭᠡᠢ ᠲᠤᠩᠭᠠᠨ ᠪᠣᠳᠣᠯᠬᠢᠯᠠᠵᠤ᠂ ᠡᠷᠡᠰ ᠴᠡᠭᠴᠡᠯᠡᠨ ᠰᠠᠶᠢᠵᠢᠷᠠᠭᠤᠯᠵᠤ᠂ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠪᠠᠴᠢᠮ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠣᠭᠤᠮᠲᠠ ᠶᠢᠨ ᠭᠠᠵᠠᠷ ᠣᠷᠣᠨ ᠤ ︽ᠭᠤᠷᠪᠠᠨ ᠳᠠᠪᠬᠤᠷ ᠰᠡᠷᠭᠡᠶᠢᠯᠡᠯᠲᠡ ᠶᠢᠨ ᠱᠤᠭᠤᠮ︾ ᠢ ᠨᠢᠭᠲᠠ ᠴᠣᠭᠴᠠᠯᠠᠵᠤ᠂ ᠬᠢᠵᠢᠭ ᠤᠨ ᠪᠠᠶᠢᠳᠠᠯ ᠤᠨ ᠬᠡᠪᠴᠢᠶᠡᠵᠢᠯ ᠤᠨ ᠴᠢᠨᠠᠷᠲᠠᠢ ᠪᠠᠷ ᠳᠠᠬᠢᠨ ᠳᠡᠯᠭᠡᠷᠡᠬᠦ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢ ᠠᠬᠢᠭᠤᠯᠬᠤ ᠵᠠᠷᠴᠢᠮ᠂ ᠠᠶᠢᠵᠠᠮ ᠪᠣᠯᠣᠨ ᠡᠷᠴᠢᠮ ᠢ ᠰᠠᠶᠢᠲᠤᠷ ᠡᠵᠡᠮᠳᠡᠵᠦ᠂ ᠨᠡᠩ ᠣᠨᠣᠴᠠᠲᠠᠢ ᠪᠥᠭᠡᠳ ᠪᠣᠳᠠᠲᠠᠢ ᠶᠢ ᠡᠷᠬᠢᠮᠯᠡᠭᠰᠡᠨ ᠠᠷᠭ᠎ᠠ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠨᠡᠭᠦᠷᠡᠰᠦᠲᠥ᠋ᠷᠥᠭᠴᠢ ᠶᠢ ᠲᠣᠭᠲᠠᠭᠤᠨ ᠢᠶᠠᠷ ᠪᠠᠭᠤᠷᠠᠭᠤᠯᠬᠤ ᠳᠤᠮᠳᠠ ︽ᠬᠤᠶᠠᠷ ᠰᠠᠭᠤᠷᠢᠨ︾ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷ ᠤᠨ ᠪᠡᠶ᠎ᠡ ᠳᠡᠭᠡᠨ ᠲᠦᠢᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠡᠭᠦᠷᠡᠰᠦᠨ ᠤ ᠡᠬᠢ ᠪᠠᠶᠠᠯᠢᠭ᠂ ᠤᠯᠤᠰ ᠲᠥᠷᠥ ᠬᠠᠤᠯᠢ ᠴᠠᠭᠠᠵᠠ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠶᠡᠭᠡ ᠳᠡᠭᠡᠳᠦ ᠰᠤᠷᠭᠠᠭᠤᠯᠢ᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠭᠦᠨᠵᠡᠭᠡᠢ ᠠᠭᠤᠳᠠᠯᠤᠨ ᠲᠦᠢᠯᠪᠤᠷᠢᠲᠠᠢ ᠪᠠᠶᠢᠴᠠᠭᠠᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠲᠠ ᠶᠢ ᠠᠬᠢᠭᠤᠯᠬᠤ ᠶᠢ ᠪᠠᠶᠢᠩᠭᠤᠵᠢᠭᠤᠯᠬᠤ ᠳᠦᠷᠢᠮᠵᠢᠭᠦᠯᠬᠦ ᠶᠢ ᠬᠦᠴᠦᠯᠡᠨ ᠠᠬᠢᠭᠤᠯᠵᠤ ᠂ ︽ᠳᠥᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ ᠰᠢᠨ᠎ᠡ ᠰᠤᠷᠲᠠᠯ ᠢ ᠪᠣᠢ ᠪᠣᠯᠭᠠᠵᠤ᠂ ᠪᠥᠬᠦ ᠣᠷᠣᠨ ᠤ ᠤᠯᠤᠰ ᠲᠥᠷᠥ ᠶᠢᠨ ᠠᠮᠢ ᠠᠬᠤᠢ ᠶᠢ ᠦᠷᠭᠦᠯᠵᠢᠯᠡᠨ ᠬᠦᠴᠦᠲᠡᠢ ᠰᠡᠷᠭᠦᠭᠡᠨ ᠴᠡᠪᠡᠷᠰᠢᠭᠦᠯᠬᠦ ᠬᠡᠷᠡᠭᠲᠡᠢ᠃ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠲᠥᠪ ᠴᠢᠩᠭ᠎ᠠ ᠪᠣᠯᠭᠠᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠶᠡᠷᠦᠮᠳᠡᠭ ᠪᠣᠯᠬᠤ᠂ ᠰᠠᠨᠠᠭᠠᠨ ᠲᠠᠪᠠ ᠪᠠᠷ ᠢᠶᠠᠨ ᠪᠣᠯᠬᠤ᠂ ᠪᠣᠯᠬᠢ ᠪᠦᠳᠦᠭᠦᠯᠢᠭ ᠪᠣᠯᠬᠤ᠂ ᠠᠷᠠᠯᠵᠢᠶᠠᠨ ᠤ ᠴᠢᠨᠠᠷᠲᠠᠢ ᠪᠣᠯᠬᠤ ᠵᠡᠷᠭᠡ ᠠᠰᠠᠭᠤᠳᠠᠯ ᠢ ᠬᠦᠴᠦᠲᠡᠢ ᠠᠷᠭ᠎ᠠ ᠬᠡᠮᠵᠢᠶ᠎ᠡ ᠠᠪᠴᠤ ᠡᠷᠡᠰ ᠴᠡᠭᠴᠡᠯᠡᠨ ᠵᠠᠰᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠡᠳᠦᠷ ᠲᠤᠲᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠦᠷᠭᠦᠯᠵᠢᠯᠡᠨ ᠨᠠᠮ ᠤᠨ ᠲᠡᠦᠬᠡ ᠶᠢ ᠰᠣᠷᠣᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠠᠢ ᠶᠠᠪᠤᠳᠠᠯ ᠬᠢᠬᠦ᠂ ᠰᠢᠨ᠎ᠡ ᠪᠠᠶᠢᠳᠠᠯ ᠢ ᠡᠭᠦᠳᠬᠦ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号