ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 5 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/3/16
     ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠰᠠᠶᠢᠲᠤᠷ ᠠᠳᠬᠤᠬᠤ ᠶᠢᠨ ᠲᠦᠯᠦᠭᠡ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠠᠴᠠ ᠰᠣᠳᠣᠯᠣᠯᠲᠠ ᠪᠠᠷ ᠳᠠᠮᠵᠢᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠵᠠᠷᠯᠠᠶ᠎ᠠ᠄      ᠨᠢᠭᠡ᠂ ᠤᠯᠤᠰ ᠤᠨ ᠳᠣᠲᠣᠭᠠᠳᠤ ᠶᠢᠨ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠤ ᠪᠠᠶᠢᠭ᠎ᠠ ᠰᠢᠶᠠᠨ ︵ᠬᠤᠰᠢᠭᠤ᠂ ᠬᠤᠲᠠ᠂ ᠲᠣᠭᠤᠷᠢᠭ︶᠂ ᠰᠢᠭᠤᠳ ᠬᠠᠷᠢᠶ᠎ᠠ ᠬᠤᠲᠠ ᠶᠢᠨ ᠬᠠᠷᠢᠶ᠎ᠠ ᠵᠡᠭᠡᠯᠢ ᠭᠤᠳᠤᠮᠵᠢ ︵ᠪᠠᠯᠭᠠᠰᠤ︶  ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠬᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠤ ᠪᠠᠶᠢᠭ᠎ᠠ ᠰᠢᠶᠠᠨ ︵ᠬᠤᠰᠢᠭᠤ᠂ ᠬᠤᠲᠠ᠂ ᠲᠣᠭᠤᠷᠢᠭ︶᠂ ᠰᠢᠭᠤᠳ ᠬᠠᠷᠢᠶ᠎ᠠ ᠬᠤᠲᠠ ᠶᠢᠨ ᠬᠠᠷᠢᠶ᠎ᠠ ᠵᠡᠭᠡᠯᠢ ᠭᠤᠳᠤᠮᠵᠢ ︵ᠪᠠᠯᠭᠠᠰᠤ︶ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠲᠤ ︽14 ᠡᠳᠦᠷ ᠭᠡᠷ ᠲᠤ ᠪᠠᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠬᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      ᠬᠤᠶᠠᠷ᠂ ︽ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠦᠭᠡᠮ ᠬᠦᠴᠢᠯ ᠤᠨ ᠪᠠᠶᠢᠴᠠᠭᠠᠯᠲᠠ ᠬᠢᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠥᠯᠥᠨ ᠪᠤᠶᠢᠷ ᠬᠤᠲᠠ ᠠᠴᠠ ᠭᠠᠳᠠᠨᠠᠬᠢ ᠪᠤᠰᠤᠳ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ 48 ᠴᠠᠭ ᠤᠨ ᠳᠣᠲᠣᠷ᠎ᠠ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ᠬᠦᠷᠴᠦ ᠢᠷᠡᠭᠰᠡᠨ ᠤ ᠳᠠᠷᠠᠭᠠᠬᠢ 48 ᠴᠠᠭ ᠤᠨ ᠳᠣᠲᠣᠷ᠎ᠠ ᠳᠠᠬᠢᠨ ᠨᠢᠭᠡ ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ ᠬᠢᠵᠦ᠂ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠡᠮᠬᠢ ᠵᠢᠷᠤᠮ ᠲᠠᠢ ᠪᠠᠷ ᠰᠢᠯᠵᠢᠵᠦ ᠪᠣᠯᠣᠨ᠎ᠠ᠃ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠤ ᠳᠡᠶᠢᠯᠬᠦ ᠦᠭᠡᠢ ᠪᠣᠯ ᠲᠡᠷᠡ ᠳᠠᠷᠤᠢ  ᠳᠤᠨᠢ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠥᠯᠢᠭᠡᠷ ᠠᠪᠴᠤ᠂ 24 ᠴᠠᠭ ᠤᠨ ᠳᠣᠲᠣᠷ᠎ᠠ ᠪᠠᠶᠢᠴᠠᠭᠠᠯᠲᠠ ᠶᠢᠨ ᠦᠷ᠎ᠡ ᠳ᠋ᠦᠩ ᠢ ᠭᠠᠷᠭᠠᠵᠤ ᠥᠭᠭᠦᠨ᠎ᠡ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠶᠢᠨ ᠬᠠᠮᠲᠤ᠂ 48 ᠴᠠᠭ ᠤᠨ ᠳᠣᠲᠣᠷ᠎ᠠ ᠳᠠᠬᠢᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠡ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠡᠮᠬᠢ ᠵᠢᠷᠤᠮ ᠲᠠᠢ ᠪᠠᠷ ᠰᠢᠯᠵᠢᠵᠦ ᠪᠣᠯᠣᠨ᠎ᠠ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠤᠭᠤᠴᠠᠭᠠᠨ ᠳᠤ ᠴᠤᠭᠯᠠᠷᠠᠯ ᠤᠨ ᠴᠢᠨᠠᠷᠲᠠᠢ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠃ ᠪᠤᠴᠠᠵᠤ ᠢᠷᠡᠭᠰᠡᠨ ᠪᠣᠶ ᠪᠦᠬᠦᠢ ᠬᠥᠮᠥᠰ ᠱᠠᠭᠠᠷᠳᠠᠯᠭ᠎ᠠ ᠶᠣᠰᠣᠭᠠᠷ ᠪᠥᠬᠦ ᠶᠠᠪᠤᠴᠠ ᠶᠢᠨ ᠪᠥᠭᠡᠮ ᠬᠦᠴᠢᠯ ᠤᠨ ᠥᠯᠢᠭᠡᠷ ᠠᠪᠬᠤ ᠠᠵᠢᠯ ᠢ ᠬᠠᠮᠵᠢᠯᠴᠠᠨ ᠪᠡᠶᠡᠯᠡᠭᠦᠯᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠤᠶᠤ ᠠᠶᠠᠯᠠᠯ ᠢᠶᠠᠨ ᠮᠡᠳᠡᠭᠦᠯᠬᠦ ᠦᠭᠡᠢ ᠨᠢᠭᠤᠭᠰᠠᠨ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠡᠪᠴᠢᠭᠰᠡᠨ ᠠᠴᠠ ᠪᠣᠯᠵᠤ ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃      ᠭᠤᠷᠪᠠ᠂ ᠣᠶᠢᠷ᠎ᠠ ᠶᠢᠨ 14 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠥᠰ ᠵᠢᠴᠢ ᠣᠶᠢᠷ᠎ᠠ ᠶᠢᠨ ᠬᠤᠭᠤᠴᠠᠭᠠᠨ ᠳᠤ ᠬᠥᠯᠥᠨ ᠪᠤᠶᠢᠷ ᠬᠤᠲᠠ ᠠᠴᠠ ᠭᠠᠳᠠᠨᠠᠬᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠰᠠᠨᠠᠭᠠᠴᠢᠯᠠᠭ᠎ᠠ ᠠᠴᠠ ᠪᠠᠨ ᠰᠠᠭᠤᠭ᠎ᠠ ᠨᠡᠶᠢᠭᠡᠮ ᠲᠣᠭᠤᠷᠢᠭ ᠲᠤ ᠪᠠᠨ ᠮᠡᠳᠡᠭᠦᠯᠦᠨ ᠳᠠᠩᠰᠠᠯᠠᠭᠤᠯᠵᠤ᠂ ᠭᠠᠳᠠᠭᠰᠢ ᠭᠠᠷᠤᠭᠰᠠᠨ ᠠᠶᠠᠯᠠᠯ ᠢᠶᠠᠨ ᠵᠣᠷᠢᠭᠤᠳᠠ ᠨᠢᠭᠤᠨ ᠳᠠᠯᠳᠠᠯᠠᠭᠰᠠᠨ ᠪᠤᠶᠤ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠬᠠᠮᠵᠢᠯᠴᠠᠬᠤ ᠶᠢ ᠲᠡᠪᠴᠢᠭᠰᠡᠨ ᠠᠴᠠ ᠪᠣᠯᠵᠤ ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ ᠬᠥᠮᠥᠰ ᠠᠴᠠ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠠᠯᠪᠠᠨ ᠲᠤᠰᠢᠶᠠᠯᠲᠠᠨ ᠭᠠᠳᠠᠭᠰᠢ ᠭᠠᠷᠤᠭᠰᠠᠨ ᠵᠠᠮ ᠢᠶᠠᠨ ᠨᠢᠭᠤᠨ ᠳᠠᠯᠳᠠᠯᠠᠭᠰᠠᠳ ᠢ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠳᠤ ᠲᠤᠰᠢᠶᠠᠵᠤ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠭᠦᠯᠦᠨ᠎ᠡ᠃      ᠳᠥᠷᠪᠡ᠂ ᠣᠶᠢᠷ᠎ᠠ   ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠳᠤ ᠬᠢᠵᠢᠭ ᠤᠨ ᠪᠠᠶᠢᠳᠠᠯ ᠣᠯᠠᠨᠲᠠ ᠭᠠᠷᠬᠤ ᠶᠢ ᠳᠠᠭᠠᠯᠳᠤᠨ᠂ ᠥᠷᠭᠡᠨ ᠣᠯᠠᠨ ᠰᠠᠭᠤᠭᠠᠯᠢ ᠠᠷᠠᠳ ᠭᠠᠳᠠᠭᠰᠢ ᠭᠠᠷᠬᠤ ᠴᠢᠬᠤᠯᠠ ᠦᠭᠡᠢ ᠪᠣᠯ ᠭᠠᠷᠬᠤ ᠦᠭᠡᠢ ᠪᠠᠶᠢᠵᠤ᠂ ᠬᠥᠮᠥᠨ ᠬᠠᠷ᠎ᠠ ᠶᠢᠨ ᠰᠢᠯᠵᠢᠯᠲᠡ ᠶᠢ ᠪᠠᠭᠠᠰᠬᠠᠵᠤ᠂ ᠠᠶᠠᠨ ᠵᠠᠮ ᠤᠨ ᠠᠶᠤᠯ ᠲᠦᠭᠰᠢᠭᠦᠷᠢ ᠶᠢ ᠪᠠᠭᠠᠰᠬᠠᠬᠤ ᠶᠢ ᠰᠠᠨᠠᠭᠤᠯᠵᠤ ᠪᠠᠶᠢᠨ᠎ᠠ᠃ ᠬᠡᠷᠪᠡ ᠦᠨᠡᠬᠡᠷ ᠭᠠᠳᠠᠭᠰᠢ ᠭᠠᠷᠬᠤ ᠴᠢᠬᠤᠯᠠ ᠲᠠᠢ ᠪᠣᠯ᠂ ᠵᠣᠷᠢᠭᠰᠠᠨ ᠭᠠᠵᠠᠷ ᠤᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠲᠠᠰ ᠢ ᠪᠠᠶᠢᠴᠠᠭᠠᠨ ᠯᠠᠪᠯᠠᠬᠤ ᠶᠢ ᠠᠩᠬᠠᠷᠴᠤ᠂ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠯᠲᠠ ᠶᠢ ᠪᠥᠬᠦ ᠶᠠᠪᠤᠴᠠ ᠳᠤ ᠰᠠᠶᠢᠲᠤᠷ ᠬᠢᠵᠦ᠂ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠢ᠃ ᠬᠢᠯᠢ ᠶᠢᠨ ᠭᠠᠳᠠᠨ᠎ᠠ ᠪᠠ ᠬᠢᠵᠢᠭ ᠤᠨ ᠪᠠᠶᠢᠳᠠᠯ ᠤᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠳᠤ ᠣᠴᠢᠬᠤ ᠠᠴᠠ ᠵᠠᠶᠢᠯᠠᠰᠬᠢᠬᠦ ᠬᠡᠷᠡᠭᠲᠡᠢ᠂ ᠬᠡᠷᠪᠡ ᠦᠨᠡᠬᠡᠷ ᠣᠨᠴᠠᠭᠠᠶ ᠰᠢᠯᠲᠠᠭᠠᠨ ᠠᠴᠠ ᠪᠣᠯᠵᠤ ᠬᠢᠯᠢ ᠶᠢᠨ ᠭᠠᠳᠠᠨ᠎ᠠ ᠪᠠ ᠳᠤᠮᠳᠠ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠳᠤ ᠣᠴᠢᠬᠤ ᠬᠥᠮᠥᠰ ᠭᠠᠳᠠᠭᠰᠢ ᠭᠠᠷᠬᠤ ᠠᠴᠠ ᠪᠠᠨ ᠡᠮᠦᠨ᠎ᠡ ᠪᠠᠶᠢᠭ᠎ᠠ ᠨᠡᠶᠢᠭᠡᠮ ᠲᠣᠭᠤᠷᠢᠭ ᠲᠠᠭᠠᠨ ᠳᠠᠩᠰᠠᠯᠠᠭᠤᠯᠵᠤ᠂ ᠪᠠᠶᠢᠭ᠎ᠠ ᠨᠢᠭᠡᠴᠡ ᠳᠡᠭᠡᠨ ᠮᠡᠳᠡᠭᠦᠯᠦᠨ ᠳᠠᠩᠰᠠᠯᠠᠭᠤᠯᠵᠤ᠂ ᠪᠤᠴᠠᠵᠤ ᠢᠷᠡᠭᠰᠡᠨ ᠤ ᠳᠠᠷᠠᠭ᠎ᠠ ᠲᠡᠷᠡ ᠳᠠᠷᠤᠢ ᠳᠤᠨᠢ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠢ᠂ ᠨᠢᠭᠤᠨ ᠳᠠᠯᠳᠠᠯᠠᠵᠤ ᠪᠣᠯᠬᠤ ᠦᠭᠡᠢ᠃      ᠲᠠᠪᠤ᠂ ᠡᠯ᠎ᠡ ᠲᠥᠷᠥᠯ ᠤᠨ ᠲᠣᠮᠣ ᠬᠡᠯᠪᠡᠷᠢ ᠶᠢᠨ ᠬᠤᠷᠠᠯ᠂ ᠠᠵᠢᠯᠯᠠᠭ᠎ᠠ᠂ ᠪᠣᠯᠪᠠᠰᠤᠷᠠᠯ ᠳᠤ ︽ᠬᠡᠨ ᠡᠷᠬᠢᠯᠡᠪᠡᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠨᠠᠷᠢᠨ ᠬᠢᠨᠠᠮᠠᠭᠠᠢ ᠵᠢᠷᠤᠮᠵᠢᠭᠰᠠᠨ ᠰᠡᠷᠭᠡᠶᠢᠯᠡᠨ ᠡᠵᠡᠮᠳᠡᠬᠦ ᠲᠥᠰᠥᠯ ᠢ ᠲᠣᠭᠲᠠᠭᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃      ᠵᠢᠷᠭᠤᠭ᠎ᠠ᠂ ᠬᠤᠪᠢ ᠶᠢᠨ ᠡᠮᠴᠢᠯᠡᠭᠡᠨ ᠤ ᠭᠠᠵᠠᠷ᠂ ᠰᠢᠲᠠᠷ᠎ᠠ ᠶᠢᠨ ᠥᠷᠥᠭᠡ᠂ ᠴᠢᠴᠢᠭᠦᠷ ᠪᠥᠮᠪᠦᠭᠡ ᠶᠢᠨ ᠲᠢᠩᠬᠢᠮ᠂ ᠠᠷᠢᠬᠢᠨ ᠪᠠᠭᠠᠷ᠂ ᠰᠦᠯᠵᠢᠶᠡᠨ ᠤ ᠪᠠᠭᠠᠷ᠂ KTV᠂ ᠺᠢᠨᠣ᠋ ᠶᠢᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠡᠵᠡᠩᠨᠡᠯᠲᠡ ᠶᠢᠨ ᠴᠢᠨᠠᠷᠲᠠᠢ ᠲᠠᠯᠠᠪᠤᠷ ᠭᠠᠵᠠᠷ ᠪᠠ ᠢᠳᠡᠰᠢᠨ ᠨᠣᠭᠤᠭ᠎ᠠ ᠶᠢᠨ ᠳᠡᠯᠭᠡᠭᠦᠷ᠂ ᠠᠮᠤ ᠲᠣᠰᠣᠨ ᠤ ᠳᠡᠯᠭᠡᠭᠦᠷ᠂ ᠬᠡᠲᠦ ᠳᠡᠯᠭᠡᠭᠦᠷ ᠵᠡᠷᠭᠡ ᠠᠮᠢᠳᠤᠷᠠᠯ ᠤᠨ ᠪᠠᠲᠤᠯᠠᠭ᠎ᠠ ᠶᠢᠨ ᠬᠠᠩᠭᠠᠯᠭ᠎ᠠ ᠶᠢᠨ ᠲᠠᠯᠠᠪᠤᠷ ᠭᠠᠵᠠᠷ ᠤᠳ ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠳᠠᠩᠰᠠᠯᠠᠬᠤ ᠵᠡᠷᠭᠡ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠬᠦ ᠬᠢᠨᠠᠯᠲᠠ ᠲᠠᠯᠪᠢᠭᠴᠢ ᠪᠠ ᠠᠷᠢᠭᠤᠳᠬᠠᠬᠤ ᠲᠤᠰᠬᠠᠢ ᠲᠤᠰᠢᠶᠠᠯᠲᠠᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠣᠴᠢᠳ ᠢ ᠶᠡᠷᠦᠩᠬᠡᠢ ᠭᠥᠯᠢᠶᠡᠨ ᠠᠪᠬᠤ ᠬᠡᠮᠵᠢᠶ᠎ᠡ ᠶᠢᠨ 50% ᠳᠣᠲᠣᠷ᠎ᠠ ᠬᠢᠵᠠᠭᠠᠷᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠬᠦ ᠦᠭᠡᠢ ᠪᠤᠶᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠲᠡᠪᠴᠢᠭᠰᠡᠨ ᠡᠵᠡᠩᠨᠡᠯᠲᠡ ᠶᠢᠨ ᠭᠤᠣᠯ ᠴᠣᠭᠴᠠ ᠶᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠵᠢᠯ ᠢ ᠨᠢ ᠵᠣᠭᠰᠣᠭᠠᠨ ᠴᠡᠭᠴᠡᠯᠡᠨ᠎ᠡ᠃      ᠳᠣᠯᠤᠭ᠎ᠠ᠂ ᠣᠳᠣᠬᠠᠨ ᠤ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠠᠴᠠ ᠦᠵᠡᠪᠡᠯ᠂ ᠲᠦᠷᠭᠡᠨ ᠬᠦᠷᠭᠡᠬᠦ ᠡᠳ᠋ ᠪᠣᠳᠠᠰ ᠢᠶᠠᠷ ᠳᠡᠮᠵᠢᠨ ᠬᠦᠮᠦᠨ ᠳᠤ ᠬᠠᠯᠳᠠᠪᠤᠷᠢᠯᠠᠬᠤ ᠲᠦᠭᠰᠢᠭᠦᠷᠢ ᠣᠷᠣᠰᠢᠵᠤ ᠪᠣᠢ᠂ ᠥᠷᠭᠡᠨ ᠣᠯᠠᠨ ᠲᠦᠮᠡᠨ ᠳᠤ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠯᠢ ᠴᠢᠳᠠᠬᠤ ᠪᠠᠷ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠦᠭᠡᠢ ᠪᠠᠶᠢᠬᠤ ᠶᠢ ᠰᠠᠨᠠᠭᠤᠯᠵᠤ᠂ ᠦᠨᠡᠨ ᠬᠦ ᠬᠤᠳᠠᠯᠳᠤᠨ ᠠᠪᠬᠤ ᠴᠢᠬᠤᠯᠠᠲᠠᠢ ᠪᠣᠯ ᠲᠦᠷᠭᠡᠨ ᠬᠦᠷᠭᠡᠬᠦ ᠡᠳ᠋ ᠪᠠᠷᠠᠭ᠎ᠠ ᠶᠠᠪᠤᠭᠤᠯᠬᠤ ᠭᠠᠵᠠᠷ ᠵᠢᠴᠢ ᠡᠳ᠋ ᠪᠠᠷᠠᠭ᠎ᠠ ᠲᠡᠭᠡᠭᠡᠪᠦᠷᠢᠯᠡᠬᠦ ᠵᠠᠮ ᠮᠥᠷ ᠢ ᠪᠠᠶᠢᠴᠠᠭᠠᠨ ᠲᠣᠳᠣᠯᠠᠵᠤ᠂ ᠡᠳ᠋ ᠪᠣᠳᠠᠰ ᠢ ᠬᠤᠷᠢᠶᠠᠨ ᠠᠪᠤᠪᠠᠯ ᠴᠠᠭ ᠲᠤᠬᠠᠢ ᠳᠤᠨᠢ ᠠᠷᠢᠭᠤᠳᠬᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠢ᠃      ᠨᠠᠢᠮᠠ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠳᠠᠷᠢᠬᠤ ᠪᠣᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠪᠠ ᠬᠢᠵᠠᠭᠠᠷᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠬᠤᠶᠠᠷ ᠤᠳᠠᠭ᠎ᠠ ᠳᠠᠷᠢᠵᠤ ᠳᠠᠭᠤᠰᠬᠠᠭᠠᠳ ᠪᠦᠬᠦᠯᠢ 6 ᠰᠠᠷ᠎ᠠ ᠪᠣᠯᠵᠤ᠂ 3 ︱ 11 ᠨᠠᠰᠤ ᠵᠢᠴᠢ 60 ᠨᠠᠰᠤᠨ ᠠᠴᠠ ᠳᠡᠭᠡᠭᠰᠢᠬᠢ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠥᠮᠥᠰ ᠸᠠᠺᠼᠢᠨ ᠤ ᠲᠠᠷᠢᠯᠭ᠎ᠠ ᠶᠢᠨ ᠴᠡᠭ ᠲᠤ ᠲᠦᠷᠭᠡᠨ ᠬᠦᠷᠴᠦ ᠲᠠᠷᠢᠯᠭ᠎ᠠ ᠶᠢᠨ ᠠᠵᠢᠯ ᠢᠶᠠᠨ ᠳᠠᠭᠤᠰᠬᠠᠵᠤ᠂ ᠪᠥᠬᠦ ᠬᠥᠮᠥᠰ ᠤᠨ ᠡᠪᠡᠳᠴᠢᠨ ᠢ ᠡᠰᠡᠷᠭᠦᠴᠡᠬᠦ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠲᠡᠢ᠃      ᠶᠢᠰᠦ᠂ ᠥᠷᠭᠡᠨ ᠣᠯᠠᠨ ᠲᠦᠮᠡᠨ ᠳᠤ ᠬᠤᠯᠪᠣᠭᠳᠠᠯ ᠪᠦᠬᠦᠢ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠠᠵᠢᠯᠯᠠᠭ᠎ᠠ ᠶᠢᠨ ᠵᠠᠮ ᠮᠥᠷ ᠢ ᠴᠠᠭ ᠲᠤᠬᠠᠢ ᠳᠤᠨᠢ ᠠᠩᠬᠠᠷᠬᠤ ᠶᠢ ᠰᠠᠨᠠᠭᠤᠯᠵᠤ᠂ ᠬᠡᠷᠪᠡ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠠᠵᠢᠯᠯᠠᠭ᠎ᠠ ᠶᠢᠨ ᠵᠠᠮ ᠮᠥᠷ ᠯᠦᠭᠡ ᠰᠣᠯᠪᠢᠴᠠᠨ ᠴᠤᠭᠯᠠᠷᠠᠭᠰᠠᠨ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ᠂ ᠠᠵᠢᠯᠯᠠᠵᠤ ᠪᠠᠶᠢᠭ᠎ᠠ ᠨᠢᠭᠡᠴᠡ ᠳᠡᠭᠡᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃          ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ            ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                               2022 ᠣᠨ ᠤ 3 ᠰᠠᠷ᠎ᠠ ᠶᠢᠨ 13
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号