ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠳᠤ ᠳᠠᠬᠢᠨ ᠲᠣᠬᠢᠷᠠᠭᠤᠯᠤᠯᠲᠠ ᠬᠢᠬᠦ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/3/18
ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠳᠤ᠄      ᠠᠵᠢᠯᠲᠠᠨ ᠤ ᠲᠣᠬᠢᠷᠠᠭᠤᠯᠤᠯᠲᠠ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠤᠳᠤᠷᠢᠳᠬᠤ ᠪᠠᠭ ᠤᠨ ᠪᠦᠷᠢᠯᠳᠦᠭᠦᠨ ᠤ ᠠᠵᠢᠯ ᠤᠨ ᠬᠤᠪᠢᠶᠠᠷᠢᠯᠠᠯ ᠳᠤ ᠳᠠᠬᠢᠨ ᠲᠣᠬᠢᠷᠠᠭᠤᠯᠤᠯᠲᠠ ᠬᠢᠬᠦ ᠪᠠᠷ ᠲᠣᠭᠲᠠᠪᠠ᠂ ᠣᠲᠣ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠵᠢᠯ ᠤᠨ ᠬᠤᠪᠢᠶᠠᠷᠢᠯᠠᠯ ᠤᠨ ᠪᠠᠶᠢᠳᠠᠯ ᠢ ᠳᠣᠣᠷ᠎ᠠ ᠮᠡᠳᠡᠭᠳᠡᠶ᠎ᠡ᠄      ᠪᠦᠷᠢᠨᠪᠠᠶᠠᠷ ︵ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ︶᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠪᠥᠬᠦ ᠲᠠᠯ᠎ᠠ ᠶᠢᠨ ᠠᠵᠢᠯ ᠢ ᠬᠠᠷᠢᠭᠤᠴᠠᠵᠤ᠂ ᠬᠤᠰᠢᠭᠤᠨ ᠳᠠᠷᠤᠭ᠎ᠠ ᠴᠠᠩ ᠴᠢᠩ ᠤᠨ ᠠᠵᠢᠯ ᠢ ᠬᠠᠷᠢᠯᠴᠠᠵᠤ ᠵᠣᠬᠢᠴᠠᠭᠤᠯᠬᠤ ᠪᠠᠷ ᠭᠤᠣᠯᠳᠠᠭᠤᠯᠤᠨ᠎ᠠ᠃      ᠴᠠᠩ ᠴᠢᠩ ︵ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ︶᠂ ᠡᠷᠬᠢᠯᠡᠭᠴᠢ ᠶᠢ ᠬᠠᠪᠰᠤᠷᠤᠨ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠣᠯᠠᠨ ᠲᠦᠮᠡᠨ ᠤ ᠪᠦᠯᠬᠦᠮ᠂ ᠤᠬᠠᠭᠤᠯᠭ᠎ᠠ᠂ ᠣᠶᠤᠨ ᠤ ᠪᠣᠯᠪᠠᠰᠤᠨ ᠤ ᠪᠠᠶᠢᠭᠤᠯᠤᠯᠲᠠ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ︵ᠨᠠᠮ ᠤᠨ ᠠᠵᠢᠯ ᠢ ᠢᠯᠡ ᠪᠣᠯᠭᠠᠬᠤ︶᠂ ᠠᠷᠤ ᠲᠠᠯ᠎ᠠ ᠶᠢᠨ ᠠᠵᠢᠯ᠂ ᠠᠶᠤᠯᠭᠦᠢ ᠦᠢᠯᠡᠳᠪᠦᠷᠢᠯᠡᠯ᠂ ᠨᠠᠮ ᠤᠨ ᠰᠤᠷᠲᠠᠯ ᠴᠢᠬᠡᠴᠢ ᠵᠠᠰᠠᠭ᠂ ᠬᠤᠶᠠᠷ ᠢ ᠬᠦᠷᠢᠶᠡᠯᠡᠬᠦ ᠵᠡᠷᠭᠡ ᠠᠵᠢᠯ ᠢ ᠬᠠᠷᠢᠭᠤᠴᠠᠵᠤ᠂ ᠡᠳ᠋ ᠤᠨ ᠶᠠᠪᠤᠳᠠᠯ ᠤᠨ ᠲᠠᠰᠤᠭ᠂ ᠠᠷᠤ ᠲᠠᠯ᠎ᠠ ᠶᠢᠨ ᠠᠵᠢᠯ ᠤᠨ ᠠᠯᠪᠠᠨ ᠭᠡᠷ ᠢ ᠪᠣᠳᠠᠲᠠᠢ ᠬᠤᠪᠢᠳᠠᠨ ᠬᠠᠮᠢᠶᠠᠷᠤᠨ᠎ᠠ᠃ ᠬᠠᠷᠢᠯᠴᠠᠵᠤ ᠵᠣᠬᠢᠴᠠᠭᠤᠯᠬᠤ ᠠᠵᠢᠯ ᠨᠢ ᠯᠥᠸᠧ ᠴᠧᠩ ᠭᠤᠸᠠᠩ᠂ ᠳ᠋ᠢᠩ ᠸᠠᠨ ᠶᠦᠩ ᠳᠡᠳ᠋ ᠬᠤᠰᠢᠭᠤᠨ ᠳᠠᠷᠤᠭ᠎ᠠ ᠪᠠᠷ ᠭᠤᠣᠯᠳᠠᠭᠤᠯᠤᠨ᠎ᠠ᠃ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ᠂ ᠬᠡᠷᠦᠯᠦᠨ ᠵᠣᠴᠢᠳ ᠤᠨ ᠪᠠᠭᠤᠳᠠᠯ ᠲᠠᠢ ᠬᠠᠷᠢᠯᠴᠠᠨ᠎ᠠ᠃ ᠡᠷᠬᠢᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃      ᠨᠠᠷᠠᠰᠤ ︵ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ︶᠂ ᠡᠷᠬᠢᠯᠡᠭᠴᠢ ᠶᠢ ᠬᠠᠪᠰᠤᠷᠤᠨ ᠶᠡᠷᠦᠩᠬᠡᠶᠢᠯᠡᠭᠰᠡᠨ ᠥᠰᠥᠭ ᠪᠢᠴᠢᠭ᠂ ᠰᠢᠮᠳᠠᠭᠤᠯᠤᠨ ᠪᠠᠶᠢᠴᠠᠭᠠᠬᠤ᠂ ᠰᠠᠨᠠᠭᠤᠯᠭ᠎ᠠ ᠳᠤᠷᠠᠳᠤᠯᠭ᠎ᠠ ᠶᠢ ᠭᠦᠢᠴᠡᠳᠬᠡᠬᠦ᠂ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠤᠯᠲᠠ᠂ ᠣᠷᠴᠢᠭᠤᠯᠭ᠎ᠠ᠂ ᠪᠢᠴᠢᠭ ᠴᠠᠬᠢᠯᠭᠠᠨ ᠮᠡᠳᠡᠭᠡ ᠬᠤᠷᠠᠯ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠠᠵᠢᠯ ᠢ ᠬᠠᠷᠢᠭᠤᠴᠠᠵᠤ᠂ ᠪᠢᠴᠢᠭ ᠴᠠᠬᠢᠯᠭᠠᠨ ᠮᠡᠳᠡᠭᠡ ᠬᠤᠷᠠᠯ ᠤᠨ ᠠᠵᠢᠯ ᠤᠨ ᠲᠠᠰᠤᠭ᠂ ᠰᠢᠮᠳᠠᠭᠤᠯᠤᠨ ᠪᠠᠶᠢᠴᠠᠭᠠᠬᠤ ᠲᠠᠰᠤᠭ᠂ ᠣᠷᠴᠢᠭᠤᠯᠭ᠎ᠠ ᠶᠢᠨ ᠲᠠᠰᠤᠭ ᠢ ᠪᠣᠳᠠᠲᠠᠢ ᠬᠤᠪᠢᠳᠠᠨ ᠬᠠᠮᠢᠶᠠᠷᠤᠨ᠎ᠠ᠃ ᠬᠠᠷᠢᠯᠴᠠᠵᠤ ᠵᠣᠬᠢᠴᠠᠭᠤᠯᠬᠤ ᠠᠵᠢᠯ ᠨᠢ ᠲᠢᠶᠠᠨ ᠹᠧᠩ ᠯᠢᠨ᠂ ᠤᠯᠠᠭᠠᠨᠲᠤᠶᠠᠭ᠎ᠠ᠂ ᠳᠠᠯᠠᠶᠢᠪᠠᠲᠤ ᠳᠡᠳ᠋ ᠬᠤᠰᠢᠭᠤᠨ ᠳᠠᠷᠤᠭ᠎ᠠ ᠪᠠᠷ ᠭᠤᠣᠯᠳᠠᠭᠤᠯᠤᠨ᠎ᠠ᠃ ᠡᠷᠬᠢᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃      ᠰᠢᠨᠵᠢᠯᠡ ︵ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ︶᠂ ᠡᠷᠬᠢᠯᠡᠭᠴᠢ ᠶᠢ ᠬᠠᠪᠰᠤᠷᠤᠨ ᠶᠡᠷᠦᠩᠬᠡᠶᠢᠯᠡᠭᠰᠡᠨ ᠥᠰᠥᠭ ᠪᠢᠴᠢᠭ᠂ ᠨᠠᠷᠢᠨ ᠪᠢᠴᠢᠭᠡᠴᠢ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠠᠯᠪᠠᠨ ᠲᠠᠮᠠᠭ᠎ᠠ᠂ ᠪᠢᠴᠢᠭ ᠬᠠᠷ᠎ᠠ ᠲᠠᠩᠰᠠ ᠡᠪᠬᠡᠮᠡᠯ᠂ ᠬᠠᠷᠠᠯᠲᠠᠲᠤ ᠬᠢᠨᠠᠨ ᠰᠢᠯᠭᠠᠯᠲᠠ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ᠂ ᠶᠡᠷᠦᠩᠬᠡᠶᠢᠯᠡᠨ ᠵᠠᠰᠠᠬᠤ ᠵᠡᠷᠭᠡ ᠠᠵᠢᠯ ᠢ ᠬᠠᠷᠢᠭᠤᠴᠠᠵᠤ᠂ ᠨᠠᠷᠢᠨ ᠪᠢᠴᠢᠭ ᠤᠨ ᠲᠠᠰᠤᠭ᠂ ᠠᠯᠪᠠᠨ ᠪᠢᠴᠢᠭ ᠤᠨ ᠲᠠᠰᠤᠭ᠂ ᠬᠦᠭᠵᠢᠭᠦᠯᠦᠯᠲᠡ ᠶᠢᠨ ᠰᠤᠳᠤᠯᠭᠠᠨ ᠤ ᠲᠥᠪ ᠢ ᠪᠣᠳᠠᠲᠠᠢ ᠬᠤᠪᠢᠳᠠᠨ ᠬᠠᠮᠢᠶᠠᠷᠤᠨ᠎ᠠ᠃ ᠬᠠᠷᠢᠯᠴᠠᠵᠤ ᠵᠣᠬᠢᠴᠠᠭᠤᠯᠬᠤ ᠠᠵᠢᠯ ᠨᠢ ᠴᠠᠩ ᠴᠢᠩ ᠬᠤᠰᠢᠭᠤᠨ ᠳᠠᠷᠤᠭ᠎ᠠ᠂ ᠯᠥᠸᠧ ᠴᠧᠩ ᠭᠤᠸᠠᠩ᠂ ᠦᠷᠭᠡᠨ᠂ ᠸᠠᠩ ᠰᠢᠶᠣᠣ ᠹᠧᠢ ᠳᠡᠳ᠋ ᠬᠤᠰᠢᠭᠤᠨ ᠳᠠᠷᠤᠭ᠎ᠠ ᠪᠠᠷ ᠭᠤᠣᠯᠳᠠᠭᠤᠯᠤᠨ᠎ᠠ᠃ ᠡᠷᠬᠢᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃      ᠸᠠᠩ ᠹᠧᠩ ᠰᠢᠤᠸᠠᠢ ︵ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ︶᠂ ᠡᠷᠬᠢᠯᠡᠭᠴᠢ ᠶᠢ ᠬᠠᠪᠰᠤᠷᠤᠨ ᠮᠥᠩᠭᠦᠨ ᠭᠦᠢᠯᠭᠡᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠮᠥᠩᠭᠦᠨ ᠭᠦᠢᠯᠭᠡᠭᠡᠨ ᠤ ᠠᠯᠪᠠᠨ ᠭᠡᠷ ᠢ ᠪᠣᠳᠠᠲᠠᠢ ᠬᠤᠪᠢᠳᠠᠨ ᠬᠠᠮᠢᠶᠠᠷᠤᠨ᠎ᠠ᠃ ᠬᠠᠷᠢᠯᠴᠠᠵᠤ ᠵᠣᠬᠢᠴᠠᠭᠤᠯᠬᠤ ᠠᠵᠢᠯ ᠨᠢ ᠯᠥᠸᠧ ᠴᠧᠩ ᠭᠤᠸᠠᠩ᠂ ᠳᠠᠯᠠᠶᠢᠪᠠᠲᠤ ᠳᠡᠳ᠋ ᠬᠤᠰᠢᠭᠤᠨ ᠳᠠᠷᠤᠭ᠎ᠠ ᠪᠠᠷ ᠭᠤᠣᠯᠳᠠᠭᠤᠯᠤᠨ᠎ᠠ᠃ ᠡᠷᠬᠢᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃     ᠶᠦᠩ ᠱᠧᠩ ︵ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠲᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ︶᠂ ᠡᠷᠬᠢᠯᠡᠭᠴᠢ ᠶᠢ ᠬᠠᠮᠵᠢᠨ ᠠᠯᠪᠠᠨ ᠭᠡᠷ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠡᠷᠬᠢᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号