ᠠᠯᠳ᠋ᠬᠠᠮᠡᠭᠡᠯ ᠪᠠᠯᠭᠠᠰᠤ ᠶᠢᠨ ᠤᠳᠤᠷᠢᠳᠤᠯᠭ᠎ᠠ ᠮᠠᠯᠵᠢᠬᠤ ᠭᠠᠴᠠᠭᠠᠨ ᠳᠤ ᠭᠦᠨᠵᠡᠭᠡᠶᠢᠷᠡᠨ ᠲᠥᠯ ᠲᠣᠰᠴᠤ ᠪᠣᠶᠢᠵᠢᠭᠤᠯᠬᠤ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/3/21
     ᠣᠶᠢᠷ᠎ᠠ ᠳᠤ᠂ ᠠᠯᠳ᠋ᠬᠠᠮᠡᠭᠡᠯ ᠪᠠᠯᠭᠠᠰᠤ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠤᠷᠢᠳ ᠬᠤᠵᠢᠳ ᠪᠠᠶᠠᠨᠲᠣᠭᠤᠷᠢᠮ ᠭᠠᠴᠠᠭ᠎ᠠ ᠪᠠ ᠪᠧᠳᠢᠠᠭᠤᠯᠠ ᠭᠠᠴᠠᠭ᠎ᠠ ᠳᠤ ᠭᠦᠨᠵᠡᠭᠡᠶᠢᠷᠡᠵᠦ᠂ ᠮᠠᠯᠴᠢᠳ ᠤᠨ ᠲᠥᠯ ᠲᠤᠰᠴᠤ ᠪᠣᠶᠢᠵᠢᠭᠤᠯᠬᠤ ᠪᠠᠶᠢᠳᠠᠯ ᠬᠢᠭᠡᠳ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠪᠠᠶᠢᠴᠠᠭᠠᠨ ᠦᠵᠡᠵᠦ᠂ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠵᠢᠴᠢ ᠭᠠᠴᠠᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠪᠠ᠃
     ᠪᠠᠶᠢᠴᠠᠭᠠᠨ ᠰᠤᠳᠤᠯᠤᠯᠲᠠ ᠳᠤ᠂ ᠮᠠᠯᠵᠢᠬᠤ ᠡᠷᠦᠬᠡ ᠪᠠᠷ ᠭᠦᠨᠵᠡᠭᠡᠶᠢᠷᠡᠨ ᠮᠠᠯᠴᠢᠳ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠲᠣᠬᠤᠨᠢᠭᠤᠯᠬᠤ ᠪᠣᠳᠠᠰ ᠬᠦᠷᠭᠡᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠣᠳᠣᠬᠢ ᠪᠠᠶᠢᠳᠠᠯ᠂ ᠲᠥᠯ ᠲᠤᠰᠴᠤ ᠪᠣᠶᠢᠵᠢᠭᠤᠯᠬᠤ ᠠᠬᠢᠴᠠ᠂ ᠡᠪᠡᠰᠦ ᠪᠣᠷᠳᠤᠭ᠎ᠠ ᠨᠦᠬᠡᠴᠡᠯᠡᠭᠰᠡᠨ ᠪᠠᠶᠢᠳᠠᠯ ᠵᠢᠴᠢ ᠲᠤᠯᠭᠠᠷᠠᠭᠰᠠᠨ ᠪᠣᠳᠠᠲᠠᠢ ᠬᠦᠴᠢᠷᠳᠡᠯ ᠢ ᠨᠠᠷᠢᠯᠢᠭ ᠠᠰᠠᠭᠤᠨ ᠯᠠᠪᠯᠠᠵᠤ᠂ ᠮᠠᠯᠴᠢᠳ ᠤᠨ ᠣᠷᠣᠨ ᠰᠠᠭᠤᠴᠠ ᠪᠣᠯᠣᠨ ᠮᠠᠯ ᠤᠨ ᠬᠠᠰᠢᠶ᠎ᠠ ᠰᠠᠷᠠᠪᠴᠢ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠴᠠᠭᠠᠨ ᠦᠵᠡᠵᠦ᠂ ᠮᠠᠯᠴᠢᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠠᠵᠢᠯᠲᠠᠳ ᠪᠠᠰᠠ ᠮᠠᠯᠴᠢᠨ ᠲᠦᠮᠡᠨ ᠳᠤ ᠲᠥᠯ ᠲᠤᠰᠴᠤ ᠪᠣᠶᠢᠵᠢᠭᠤᠯᠬᠤ᠂ ᠮᠠᠯ ᠤᠨ ᠡᠪᠡᠳᠴᠢᠨ ᠬᠢᠵᠢᠭ ᠢ ᠰᠡᠷᠭᠡᠶᠢᠯᠡᠬᠦ᠂ ᠬᠠᠰᠢᠶ᠎ᠠ ᠰᠠᠷᠠᠪᠴᠢ ᠶᠢ ᠠᠷᠢᠭᠤᠳᠬᠠᠬᠤ ᠪᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠵᠦ ᠬᠤᠯᠤᠭᠠᠨ᠎ᠠ ᠶᠢ ᠤᠰᠠᠳᠬᠠᠬᠤ ᠵᠡᠷᠭᠡ ᠮᠡᠳᠡᠯᠭᠡ ᠶᠢ ᠢᠳᠡᠪᠬᠢᠲᠡᠢ ᠪᠠᠷ ᠤᠯᠠᠮᠵᠢᠯᠠᠵᠤ᠂ ᠮᠠᠯᠴᠢᠳ ᠲᠠᠢ ᠬᠠᠮᠲᠤ ᠪᠠᠷ ᠲᠤᠷᠰᠢᠯᠭ᠎ᠠ ᠪᠠᠨ ᠳ᠋ᠦᠩᠨᠡᠨ᠂ ᠠᠷᠭ᠎ᠠ ᠪᠣᠳᠣᠯᠭ᠎ᠠ ᠰᠤᠳᠤᠯᠵᠤ᠂ ᠲᠥᠯ ᠲᠣᠰᠴᠤ ᠪᠣᠶᠢᠵᠢᠭᠤᠯᠬᠤ ᠠᠵᠢᠯ ᠤᠨ ᠤᠷᠤᠭᠰᠢᠲᠠᠢ ᠪᠥᠭᠡᠳ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠵᠤ᠂ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠲᠤᠳᠬᠠᠨ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠳᠤ ᠬᠦᠴᠦᠨ ᠨᠡᠮᠡᠷᠢᠯᠡᠪᠡ᠃ ᠳᠠᠷᠠᠭ᠎ᠠ ᠨᠢ ᠪᠠᠰᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠲᠤᠬᠠᠢ ᠤᠬᠠᠭᠤᠯᠭ᠎ᠠ ᠬᠢᠭᠰᠡᠨ ᠪᠥᠭᠡᠳ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠪᠠ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃
    ᠣᠳᠤ ᠶᠠᠭ ᠲᠥᠯ ᠲᠤᠰᠴᠤ ᠪᠣᠶᠢᠵᠢᠭᠤᠯᠬᠤ ᠤᠯᠠᠷᠢᠯ ᠪᠣᠯᠣᠨ᠎ᠠ᠂ ᠲᠠᠯ᠎ᠠ ᠨᠤᠲᠤᠭ ᠤᠨ ᠮᠠᠯᠴᠢᠨ ᠲᠦᠮᠡᠨ ᠤ ᠨᠢᠭᠡ ᠵᠢᠯ ᠤᠨ ᠳᠣᠲᠣᠷᠠᠬᠢ ᠲᠡᠷᠢᠭᠦᠨ ᠴᠢᠬᠤᠯᠠ ᠶᠠᠪᠤᠳᠠᠯ ᠪᠣᠯᠤᠭᠰᠠᠨ ᠤ ᠬᠤᠪᠢ ᠳᠤ᠂ ᠠᠯᠳ᠋ᠬᠠᠮᠡᠭᠡᠯ ᠪᠠᠯᠭᠠᠰᠤ ᠦᠷᠭᠦᠯᠵᠢᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠪᠠᠶᠢᠳᠠᠯ ᠳᠣᠣᠷ᠎ᠠ ᠲᠣᠰ ᠠᠵᠢᠯ ᠢ ᠭᠤᠣᠯᠳᠠᠯᠭ᠎ᠠ ᠲᠠᠢ ᠠᠳᠬᠤᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠦᠨ᠂ ᠪᠣᠳᠠᠲᠠᠢ ᠠᠰᠠᠭᠤᠳᠠᠯ ᠢ ᠰᠤᠳᠤᠯᠤᠨ ᠮᠠᠭᠠᠳᠯᠠᠵᠤ᠂ ᠮᠠᠯᠴᠢᠨ ᠲᠦᠮᠡᠨ ᠤ ᠠᠩᠬᠠᠷᠴᠤ ᠪᠠᠶᠢᠭ᠎ᠠ ᠡᠯ᠎ᠡ ᠵᠦᠢᠯ ᠤᠨ ᠬᠡᠷᠡᠭᠴᠡᠭᠡ ᠶᠢ ᠴᠠᠭ ᠲᠤᠬᠠᠢ  ᠳᠤᠨᠢ ᠵᠣᠬᠢᠴᠠᠭᠤᠯᠤᠨ ᠰᠢᠢᠳᠪᠦᠷᠢᠯᠡᠵᠦ᠂ ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号