ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠤᠭᠲᠤᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/21
     ᠣᠶᠢᠷ᠎ᠠ ᠳᠤ᠂ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠤᠭᠲᠤᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃
     ᠬᠤᠷᠠᠯ ᠠᠴᠠ᠂ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠪᠠᠲᠤ ᠴᠢᠩᠭ᠎ᠠ ᠨᠠᠶᠢᠳᠠᠪᠤᠷᠢᠵᠢᠭᠤᠯᠵᠤ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠨᠢᠭᠡ ᠳᠤ ᠮᠠᠯᠴᠢᠨ ᠲᠦᠮᠡᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠬᠤᠶᠠᠷ ᠢ ᠲᠡᠩᠴᠡᠭᠦᠷᠢᠲᠡᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠤᠬᠠᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠮᠠᠯᠴᠢᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠭᠦᠢᠴᠡᠳᠬᠡᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠬᠤᠶᠠᠷ ᠢ ᠲᠡᠩᠴᠡᠭᠦᠷᠢᠲᠡᠢ ᠪᠠᠶᠢᠯᠭᠠᠬᠤ ᠡᠭᠦᠷᠭᠡ ᠶᠢ ᠭᠦᠢᠴᠡᠳᠬᠡᠬᠦ ᠶᠢ ᠮᠠᠯᠴᠢᠨ ᠲᠦᠮᠡᠨ ᠤ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠢ᠃ ᠡᠭᠦᠨ ᠤ ᠬᠠᠮᠲᠤ ᠳᠠᠯᠳᠠᠭᠤᠷ ᠮᠠᠯᠵᠢᠬᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠵᠡᠷᠭᠡ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠬᠤᠶᠠᠷ ᠢ ᠲᠡᠩᠴᠡᠭᠦᠷᠢᠲᠡᠢ ᠪᠠᠶᠢᠯᠭᠠᠬᠤ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ ᠣᠶ ᠰᠢᠭᠤᠢ ᠶᠢᠨ ᠬᠠᠮᠢᠶᠠᠷᠤᠭᠴᠢ ᠪᠠ ᠨᠤᠲᠤᠭ ᠪᠡᠯᠴᠢᠭᠡᠷ ᠤᠨ ᠬᠠᠮᠢᠶᠠᠷᠤᠭᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ᠂ ᠬᠠᠮᠢᠶᠠᠷᠴᠤ ᠬᠠᠮᠠᠭᠠᠯᠠᠬᠤ ᠬᠦᠷᠢᠶ᠎ᠡ ᠬᠡᠪᠴᠢᠶ᠎ᠡ᠂ ᠬᠠᠮᠢᠶᠠᠷᠴᠤ ᠬᠠᠮᠠᠭᠠᠯᠠᠬᠤ ᠠᠷᠭ᠎ᠠ ᠮᠠᠶ᠋ᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠪᠠᠶᠢᠷᠢ ᠡᠭᠡᠯᠵᠢᠯᠡᠭᠦᠯᠬᠦ᠂ ᠡᠭᠦᠷᠭᠡ ᠭᠦᠢᠴᠡᠳᠬᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠬᠠᠮᠢᠶᠠᠷᠴᠤ ᠬᠠᠮᠠᠭᠠᠯᠠᠬᠤ ᠡᠷᠴᠢᠮ ᠢ ᠵᠦᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠭᠤᠷᠪᠠ ᠳᠤ ᠣᠶ ᠰᠢᠭᠤᠢ ᠨᠤᠲᠤᠭ ᠪᠡᠯᠴᠢᠭᠡᠷ ᠤᠨ ᠬᠦᠷᠢᠶᠡᠨ ᠳᠠᠬᠢ ᠵᠥᠷᠢᠴᠡᠯ ᠵᠢᠭᠤᠷᠠᠯᠳᠤᠭᠠᠨ ᠤ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠬᠤ᠂ ᠠᠷᠢᠯᠭᠠᠬᠤ ᠪᠠ ᠲᠣᠭᠲᠠᠭᠤᠨ ᠢ ᠬᠠᠮᠠᠭᠠᠯᠠᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠮᠠᠯᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠬᠦ᠂ ᠡᠮᠦᠨ᠎ᠡ ᠦᠵᠦᠭᠦᠷ ᠠᠴᠠ ᠨᠢ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠴᠢᠩᠭᠠᠳᠬᠠᠬᠤ ᠬᠡᠷᠡᠭᠲᠡᠢ᠃ ᠳᠥᠷᠪᠡ ᠳᠤ᠂ ᠡᠯ᠎ᠡ ᠱᠠᠲᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠬᠠᠮᠠᠭᠠᠯᠠᠬᠤ ᠪᠠ ᠬᠢᠨᠠᠨ ᠬᠠᠮᠢᠶᠠᠷᠬᠤ ᠡᠷᠴᠢᠮ ᠢ ᠴᠢᠩᠭᠠᠳᠬᠠᠬᠤ ᠬᠡᠷᠡᠭᠲᠡᠢ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠷᠬᠢᠨ ᠲᠣᠭᠤᠷᠢᠨ ᠤ ᠠᠮᠢᠳᠤᠷᠠᠯ ᠤᠨ ᠬᠤᠭ ᠨᠣᠪᠰᠢ ᠵᠢᠴᠢ ᠦᠢᠯᠡᠳᠪᠦᠷᠢᠯᠡᠯ ᠤᠨ ᠬᠤᠭ ᠨᠣᠪᠰᠢ ᠶᠢ ᠴᠡᠪᠡᠷᠯᠡᠬᠦ ᠶᠢ ᠰᠢᠮᠳᠠᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号