ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠵᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠯᠢ ᠪᠢᠩ ᠷᠦᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2022/3/22
     3 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ ᠪᠠᠷ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠡᠨᠡ ᠵᠢᠯ ᠤᠨ ᠬᠠᠪᠤᠷ ᠠᠴᠠ ᠬᠤᠶᠢᠰᠢ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠪᠠᠶᠢᠳᠠᠯ ᠲᠡᠶᠢᠮᠦ ᠰᠠᠶᠢᠨ ᠪᠢᠰᠢ᠃ ᠡᠶᠢᠮᠦ ᠠᠴᠠ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠵᠣᠪᠠᠨᠢᠬᠤᠢ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨ ᠠᠶᠤᠯ ᠢ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠴᠢᠩᠭ᠎ᠠ ᠬᠠᠮᠢᠶᠠᠷᠤᠨ ᠡᠵᠡᠮᠳᠡᠵᠦ᠂ ᠬᠢᠯᠢ ᠶᠢᠨ ᠭᠠᠳᠠᠨᠠᠬᠢ ᠪᠠ ᠠᠶᠤᠩᠭ᠎ᠠ ᠳᠤ ᠳᠠᠭᠠᠷᠢᠭᠳᠠᠭᠰᠠᠨ ᠭᠠᠯ ᠤᠨ ᠭᠠᠮᠰᠢᠭ ᠢ ᠰᠡᠷᠭᠡᠶᠢᠯᠡᠬᠦ ᠬᠡᠷᠡᠭᠲᠡᠢ᠃ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠢᠵᠢᠭᠦᠷᠯᠡᠯ ᠲᠣᠬᠢᠷᠠᠭᠤᠯᠤᠯᠲᠠ ᠶᠢ ᠴᠢᠩᠳᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠡᠶᠢᠨ ᠤ ᠪᠡᠯᠡᠳᠬᠡᠯ ᠢ ᠴᠢᠩᠭᠠᠷᠠᠭᠤᠯᠤᠨ᠂ ᠭᠠᠯ ᠤᠨᠲᠠᠷᠠᠭᠠᠬᠤ ᠵᠢᠯᠣᠭᠤᠳᠤᠯᠭ᠎ᠠ ᠶᠢ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠵᠠᠷᠤᠳᠠᠯ ᠤᠨ ᠪᠠᠲᠤᠯᠠᠭ᠎ᠠ᠂ ᠡᠩᠨᠡᠭᠡᠨ ᠤ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠲᠠᠯ᠎ᠠ ᠪᠠᠷ ᠭᠠᠯ ᠢ ᠰᠡᠷᠭᠡᠶᠢᠯᠡᠨ ᠤᠨᠲᠠᠷᠠᠭᠠᠬᠤ ᠶᠡᠷᠦᠩᠬᠡᠶᠢᠯᠡᠭᠰᠡᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠬᠤ ᠳᠤ ᠪᠠᠨ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠤᠯᠤᠰ ᠲᠦᠷᠦ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠥᠨᠳᠡᠯᠡᠨ ᠢᠶᠠᠷ ᠵᠠᠬ᠎ᠠ ᠬᠢᠵᠠᠭᠠᠷ ᠬᠦᠷᠬᠦ᠂ ᠭᠤᠯᠳᠤ ᠪᠠᠷ ᠡᠴᠦᠰ ᠲᠤ ᠨᠢ ᠲᠤᠯᠲᠠᠯ᠎ᠠ ᠲᠣᠣᠷᠵᠢᠭᠤᠯᠤᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号