ᠬᠦᠯᠦᠨ ᠨᠠᠭᠤᠷ ᠤᠨ ᠬᠠᠷᠠᠭᠤᠯ ᠮᠠᠯᠴᠢᠨ ᠮᠠᠨᠳᠠ
ᠨᠡᠶᠢᠲᠡᠯᠡᠭᠰᠡᠨ ᠴᠠᠭ᠄
2022/3/29
     ᠶᠡᠭᠡ ᠰᠣᠷᠭᠠᠭᠤᠯᠢ ᠶᠢᠨ ᠣᠶᠤᠲᠠᠳ ᠰᠣᠷᠣᠯᠭ᠎ᠠ ᠪᠠᠨ ᠲᠡᠭᠦᠰᠴᠦ᠂ ᠶᠡᠭᠡ ᠬᠤᠳᠠ ᠳᠤ ᠠᠵᠢᠯ ᠡᠷᠢᠬᠦ ᠪᠠᠷ ᠴᠢᠷᠮᠠᠶᠢᠨ ᠳᠡᠮᠡᠴᠡᠵᠦ ᠪᠠᠶᠢᠬᠤ ᠳᠤ᠂ ᠳᠠᠯᠠᠢ ᠰᠣᠮᠣ ᠶᠢᠨ ᠪᠦᠷᠢᠳᠦ ᠭᠠᠴᠠᠭᠠᠨ ᠤ ᠣᠶᠣᠳᠠᠨ ᠵᠠᠯᠠᠭᠤ ᠮᠠᠨᠳᠠ᠂ ᠨᠣᠳᠤᠭ  ᠲᠤ ᠪᠠᠨ ᠪᠣᠴᠠᠵᠣ ᠠᠪᠤ ᠶᠢᠨ ᠢᠶᠠᠨ ᠤᠷᠭ᠎ᠠ ᠶᠢ ᠳᠣᠰᠣᠨ ᠠᠪᠴᠣ   ᠮᠠᠯᠴᠢᠨ ᠪᠣᠯᠣᠭᠰᠠᠨ ᠪᠠᠶᠢᠨ᠎ᠠ᠂ ᠳᠡᠭᠦᠨ ᠳᠤ ᠠᠪᠴᠣ ᠬᠡᠯᠡᠪᠡᠯ᠂ ᠮᠠᠯ ᠰᠦᠷᠦᠭ ᠲᠠᠢ ᠪᠠᠨ ᠳᠠᠰᠣᠯᠴᠠᠭᠰᠠᠨ ᠡᠭᠡᠯ ᠪᠣᠷᠣᠭᠵᠢᠭᠤᠨ ᠠᠮᠢᠳᠣᠷᠠᠯ ᠪᠣᠯᠣᠨ ᠳᠠᠯ᠎ᠠ ᠨᠣᠳᠤᠭ᠂ ᠨᠠᠭᠤᠷ ᠴᠦᠬᠦᠷᠦᠮ ᠲᠠᠢ ᠬᠠᠮᠳᠣ ᠣᠷᠣᠰᠢᠨ ᠠᠮᠢᠳᠣᠷᠠᠬᠤ ᠨᠢ ᠳᠡᠭᠦᠨ ᠤ ᠬᠠᠮᠤᠭ ᠤᠨ ᠬᠦᠰᠡᠨ ᠡᠷᠡᠮᠡᠯᠵᠡᠳᠡᠭ ᠠᠮᠢᠳᠣᠷᠠᠯ ᠤᠨ ᠣᠳᠬ᠎ᠠ ᠠᠭᠤᠯᠭ᠎ᠠ ᠪᠣᠯᠣᠨ᠎ᠠ᠃      ᠳᠠᠯ᠎ᠠ ᠨᠣᠳᠤᠭ ᠤᠨ ᠭᠤᠷᠪᠠᠳᠣᠭᠠᠷ ᠰᠠᠷ᠎ᠠ ᠰᠠᠭᠠᠳᠠᠵᠣ ᠮᠦᠰᠦ ᠴᠠᠰᠣ ᠬᠠᠶᠢᠯᠣᠨ᠂ ᠬᠤᠷᠠᠭ᠎ᠠ ᠢᠰᠢᠭᠡ ᠮᠠᠶᠢᠯᠠᠯᠳᠣᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠬᠦᠯᠦᠨ ᠨᠠᠭᠤᠷ ᠤᠨ ᠬᠦᠪᠡᠭᠡᠨ ᠳᠤ ᠨᠢᠭᠡᠨ ᠮᠠᠯᠴᠢᠨ ᠵᠠᠯᠠᠭᠤ ᠮᠠᠰᠢᠨ ᠳᠡᠷᠭᠡ ᠪᠠᠷ ᠨᠠᠭᠤᠷ ᠢ ᠳᠣᠭᠤᠷᠢᠨ ᠴᠠᠭᠳᠠᠨ᠎ᠠ᠂ ᠭᠤᠷᠪᠠᠨ ᠵᠢᠯ ᠤᠨ ᠡᠮᠦᠨ᠎ᠡ᠂ ᠮᠠᠨᠳᠠ ᠬᠤᠰᠢᠭᠤᠨ ᠳᠠᠬᠢ ᠠᠵᠢᠯ ᠤᠨ ᠪᠠᠶᠢᠷᠢ ᠪᠠᠨ ᠬᠠᠶᠠᠵᠣ᠂ ᠬᠦᠳᠡᠭᠡ ᠭᠡᠷ ᠲᠡᠭᠡᠨ ᠬᠠᠷᠢᠵᠣ᠂ ᠮᠠᠯᠴᠢᠨ ᠪᠣᠯᠣᠭᠰᠠᠨ ᠪᠢᠯᠡ᠃ ᠮᠠᠨᠳᠠ ᠶᠢᠨ ᠨᠣᠳᠤᠭ ᠨᠢ ᠬᠦᠯᠦᠨ ᠨᠠᠭᠤᠷ ᠤᠨ ᠣᠯᠣᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ  ᠳᠤ ᠪᠠᠶᠢᠷᠢᠯᠠᠵᠣ ᠪᠠᠶᠢᠬᠤ ᠣᠴᠢᠷ ᠠᠴᠠ ᠳᠡᠷᠡ ᠪᠠᠭ᠎ᠠ ᠠᠴᠠ ᠪᠠᠨ ᠬᠦᠯᠦᠨ ᠨᠠᠭᠤᠷ ᠤᠨ ᠬᠦᠪᠡᠭᠡᠨ ᠳᠤ ᠦᠰᠦᠨ ᠪᠣᠶᠢᠵᠢᠵᠣ᠂ ᠬᠦᠯᠦᠨ ᠨᠠᠭᠤᠷ ᠤᠨ ᠣᠰᠣᠨ ᠤ ᠰᠢᠷᠬᠢᠨ ᠪᠠᠭᠠᠰᠬᠤ ᠪᠣᠯᠣᠨ ᠲᠡᠯᠡᠨ ᠦᠷᠭᠡᠳᠬᠦ ᠶᠢ ᠨᠢᠳᠦ ᠪᠠᠷ ᠢᠶᠠᠨ ᠬᠠᠷᠠᠭᠰᠠᠨ ᠪᠠᠶᠢᠨ᠎ᠠ᠃      ᠬᠥᠯᠥᠨ ᠨᠠᠭᠤᠷ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠤ ᠠᠵᠢᠯᠳᠠᠨ ᠮᠠᠨᠳᠠ ᠳᠤ ᠬᠡᠯᠡᠭᠰᠡᠨ ᠨᠢ᠂ ᠡᠪᠡᠰᠦᠨ ᠬᠦᠷᠢᠶ᠎ᠡ ᠳᠠᠳᠠᠵᠣ ᠪᠢᠳᠡᠬᠦᠮᠵᠢᠯᠡᠭᠰᠡᠨ ᠠᠴᠠ ᠵᠣᠷᠢᠭᠤᠳᠠ ᠡᠪᠳᠡᠯᠭᠡ ᠠᠴᠠ ᠦᠨᠡᠨᠬᠦ ᠰᠡᠷᠭᠡᠶᠢᠯᠡᠵᠦ ᠴᠢᠳᠠᠭᠰᠠᠨ ᠮᠦᠷᠳᠡᠭᠡᠨ ᠮᠣᠷᠢᠨ ᠣᠶᠠᠭᠠᠨ ᠤ ᠦᠵᠡᠮᠵᠢ ᠶᠢᠨ ᠣᠷᠣᠨ ᠤ ᠬᠢᠨᠠᠨ ᠪᠠᠶᠢᠴᠠᠭᠠᠯᠳᠠ  ᠶᠢᠨ ᠰᠢᠰᠲ᠋ᠧᠮ ᠪᠣᠯᠣᠨ ᠳᠣᠬᠠᠢ ᠶᠢᠨ ᠭᠠᠵᠠᠷ ᠤᠨ ᠪᠠᠶᠢᠴᠠᠭᠠᠨ ᠰᠣᠳᠣᠯᠣᠯᠳᠠ ᠠᠴᠠ ᠦᠵᠡᠪᠡᠯ᠂ ᠣᠶᠢᠷ᠎ᠠ ᠶᠢᠨ ᠵᠢᠯ  ᠳᠤ᠂ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠳᠤ 10 ᠭᠠᠷᠤᠢ ᠰᠢᠪᠠᠭᠤᠨ ᠤ ᠲᠥᠷᠥᠯ ᠰᠢᠨ᠎ᠡ ᠪᠠᠷ ᠨᠡᠮᠡᠭᠳᠡᠵᠦ᠂ ᠠᠮᠢ ᠠᠬᠤᠢ ᠣᠷᠴᠢᠨ ᠳᠣᠭᠤᠷᠢᠨ ᠳᠤ ᠦᠨᠡᠨᠬᠦ ᠰᠠᠶᠢᠨ ᠬᠠᠮᠠᠭᠠᠯᠠᠯᠳᠠ ᠶᠢᠨ ᠦᠢᠯᠡᠳᠦᠯ ᠦᠵᠡᠬᠦᠯᠦᠭᠰᠡᠨ ᠪᠠᠶᠢᠨ᠎ᠠ᠃ ᠮᠠᠨᠳᠠ ᠶᠢᠨ ᠬᠡᠯᠡᠬᠦ ᠪᠠᠷ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠣᠷᠴᠢᠨ ᠳᠣᠭᠤᠷᠢᠨ ᠢ ᠬᠠᠮᠠᠭᠠᠯᠠᠨ ᠵᠠᠰᠠᠬᠤ ᠪᠣᠯ ᠨᠢᠭᠡᠨ ᠣᠷᠳᠣ ᠬᠤᠭᠤᠴᠠᠭᠠᠨ ᠤ ᠠᠵᠢᠯ ᠪᠣᠯᠬᠤ ᠳᠣᠯᠠ᠂ ᠨᠡᠶᠢᠭᠡᠮ ᠤᠨ ᠡᠯ᠎ᠡ ᠡᠲᠡᠭᠡᠳ ᠪᠣᠯᠤᠨ ᠮᠠᠯᠴᠢᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠳᠣᠳᠬᠠᠵᠣ ᠬᠠᠮᠳᠣᠪᠠᠷ ᠬᠠᠮᠠᠭᠠᠯᠠᠪᠠᠯ ᠵᠣᠬᠢᠨ᠎ᠠ᠂ ᠣᠶᠢᠷ᠎ᠠ ᠶᠢᠨ ᠵᠢᠯ  ᠠᠴᠠ ᠨᠠᠰᠢᠬᠢ ᠵᠠᠰᠠᠨ ᠰᠡᠷᠭᠦᠭᠡᠬᠦ ᠪᠠ ᠵᠠᠰᠠᠨ ᠴᠡᠭᠴᠡᠯᠡᠬᠦ ᠲᠥᠷᠥᠯ ᠵᠦᠢᠯ ᠤᠨ ᠬᠡᠷᠡᠭᠵᠢᠬᠦᠯᠦᠯᠳᠡ ᠶᠢ ᠳᠠᠭᠠᠯᠳᠤᠨ᠂ ᠬᠥᠯᠥᠨ ᠨᠠᠭᠤᠷ ᠤᠨ ᠣᠰᠣᠨ ᠤ ᠲᠠᠯᠠᠪᠠᠢ ᠵᠢᠯ ᠳᠠᠷᠠᠭᠠᠯᠠᠨ ᠥᠷᠭᠡᠳᠴᠦ᠂ ᠠᠮᠢ ᠠᠬᠤᠢ ᠣᠷᠴᠢᠨ ᠲᠣᠭᠤᠷᠢᠨ ᠢᠳᠡᠭ ᠢᠳᠡᠭ ᠢᠶᠠᠷ ᠰᠡᠷᠭᠦᠭᠰᠡᠨ ᠪᠠᠶᠢᠨ᠎ᠠ᠃ ᠡᠨᠡ ᠨᠢ᠂ ᠮᠠᠨ ᠤ ᠬᠤᠰᠢᠭᠤᠨ ᠤ ᠪᠣᠬᠢᠷᠲᠤᠯ ᠥᠬᠡᠢ ᠬᠦᠭᠵᠢᠯᠳᠡ ᠶᠢᠨ ᠵᠠᠮ ᠢᠶᠠᠷ ᠵᠠᠮᠨᠠᠬᠤ ᠣᠶᠢᠯᠠᠭᠠᠭᠳᠠᠬᠤᠨ ᠢ ᠪᠠᠷᠢᠮᠳᠠᠯᠠᠬᠤ ᠪᠠ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠳᠣ ᠶᠢᠨ ᠴᠢᠷᠮᠠᠶᠢᠯᠭ᠎ᠠ ᠪᠣᠯᠤᠨ᠎ᠠ᠃      ᠭᠤᠣᠯ ᠨᠠᠭᠤᠷ ᠢᠶᠠᠨ ᠬᠦᠨᠳᠦᠯᠡᠨ ᠳᠡᠭᠡᠳᠦᠯᠡᠵᠦ᠂ ᠳᠠᠯ᠎ᠠ ᠨᠣᠳᠤᠭ ᠢᠶᠠᠨ ᠰᠠᠬᠢᠨ ᠬᠠᠮᠠᠭᠠᠯᠠᠬᠤ ᠪᠣᠯ ᠮᠠᠯᠴᠢᠨ ᠪᠦᠭᠦᠨ ᠤ ᠵᠢᠷᠣᠮᠯᠠᠪᠠᠰᠣ ᠵᠣᠬᠢᠬᠤ ᠶᠣᠰᠣ ᠣᠴᠢᠷ ᠪᠣᠯᠣᠨ᠎ᠠ᠂ ᠡᠳᠣᠷ ᠪᠣᠯᠭᠠᠨ ᠬᠦᠯᠦᠨ ᠨᠠᠭᠤᠷ ᠢᠶᠠᠷ ᠳᠣᠭᠤᠷᠢᠨ ᠴᠠᠭᠳᠠᠬᠤ ᠠᠴᠠ ᠭᠠᠳᠠᠨ᠎ᠠ᠂ ᠮᠠᠯ ᠰᠦᠷᠦᠭ ᠢᠶᠠᠨ ᠣᠰᠣᠯᠠᠬᠤ᠂ ᠡᠪᠡᠰᠦ ᠪᠣᠷᠳᠤᠭ᠎ᠠ ᠬᠠᠶᠠᠬᠤ ᠨᠢ ᠮᠠᠨᠳᠠ ᠶᠢᠨ ᠮᠠᠯᠵᠢᠬᠤ ᠠᠮᠢᠳᠣᠷᠠᠯ ᠤᠨ ᠶᠡᠷᠦᠳᠡ ᠶᠢᠨ ᠵᠣᠷᠰᠢᠯ ᠪᠣᠯᠵᠠᠢ᠃ ᠣᠳᠣ ᠪᠣᠯ ᠶᠠᠭ ᠬᠠᠪᠣᠷ ᠤᠨ ᠣᠯᠠᠷᠢᠯ ᠤᠨ ᠲᠦᠯ ᠳᠣᠰᠴᠣ ᠮᠡᠨᠳᠦ ᠪᠣᠶᠢᠵᠢᠭᠤᠯᠬᠤ ᠬᠤᠭᠤᠴᠠᠭ᠎ᠠ ᠳᠣᠯᠠ᠂ ᠡᠨᠡ ᠬᠡᠳᠦᠨ ᠡᠳᠣᠷ ᠳᠡᠷᠡ ᠶᠠᠭ ᠬᠠᠪᠣᠷᠵᠢᠶᠠᠨ ᠤ ᠲᠦᠯ ᠳᠣᠰᠬᠤ ᠨᠣᠳᠤᠭ ᠲᠤ ᠪᠠᠨ ᠨᠡᠬᠦᠬᠦ ᠪᠠᠷ ᠪᠡᠯᠡᠳᠭᠡᠵᠦ ᠪᠠᠶᠢᠨ᠎ᠠ᠃      ᠠᠭᠤᠯᠠ ᠤᠰᠤ ᠣᠢ ᠰᠢᠭᠤᠢ ᠳᠠᠯ᠎ᠠ ᠨᠣᠳᠤᠭ ᠨᠠᠭᠤᠷ ᠴᠥᠭᠦᠷᠥᠮ ᠡᠪᠡᠰᠦ ᠪᠡᠯᠴᠢᠭᠡᠷ ᠪᠣᠯ ᠠᠮᠢ ᠠᠬᠤᠢ ᠶᠢᠨ ᠬᠠᠮᠳᠣ ᠶᠢᠨ ᠴᠣᠭᠴᠠ ᠮᠥᠨ᠃ ᠣᠶᠢᠷ᠎ᠠ ᠶᠢᠨ ᠵᠢᠯ ᠠᠴᠠ ᠨᠡᠰᠢ᠂ ᠮᠠᠨ ᠤ ᠬᠤᠰᠢᠭᠤ ᠠᠮᠢ ᠠᠬᠤᠢ ᠶᠢᠨ ᠪᠣᠯᠪᠠᠰᠣᠨ ᠢ ᠪᠦᠳᠦᠭᠡᠨ ᠪᠠᠶᠢᠭᠤᠯᠬᠤ ᠳᠠᠯ᠎ᠠ ᠪᠠᠷ᠂ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠳᠣᠯ ᠦᠭᠡᠢ ᠬᠦᠭᠵᠢᠭᠦᠯᠬᠦ ᠪᠠᠷ ᠣᠳᠣᠷᠢᠳᠣᠮᠵᠢ ᠪᠣᠯᠭᠠᠭᠰᠠᠨ ᠰᠢᠨ᠎ᠡ ᠵᠠᠮ ᠢ ᠢᠮᠠᠭᠳᠠ ᠬᠠᠶᠢᠨ ᠰᠦᠪᠡᠭᠴᠢᠯᠡᠵᠦ᠂ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠡᠬᠡ ᠣᠯᠣᠰ ᠤᠨ ᠣᠮᠠᠷᠠᠳᠣ ᠬᠢᠯᠢ ᠶᠢᠨ ᠦᠵᠡᠰᠬᠦᠯᠡᠩᠳᠦ ᠣᠷᠣᠨ ᠢ ᠪᠦᠳᠦᠭᠡᠨ ᠪᠠᠶᠢᠭᠤᠯᠬᠤ ᠪᠠᠷ ᠴᠢᠷᠮᠠᠶᠢᠵᠣ ᠪᠠᠶᠢᠨ᠎ᠠ᠃                        ᠰᠣᠷᠪᠣᠯᠵᠢᠯᠠᠭᠴᠢ᠄ ᠢᠦᠢ ᠭᠤᠸᠠᠩ  ᠬᠣ᠋ ᠵᠢᠶᠣᠣ ᠵᠢᠶᠣᠣ  ᠬᠠᠪᠣᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号