ᠮᠠᠨ ᠤ ᠬᠤᠰᠢᠭᠤ ᠰᠢᠨᠵᠢᠯᠡᠬᠦ ᠣᠬᠠᠭᠠᠨᠴᠢ ᠦᠢᠯᠡᠴᠢᠯᠡᠭᠡ ᠪᠠᠷ ᠬᠠᠪᠣᠷ ᠤᠨ ᠣᠯᠠᠷᠢᠯ ᠤᠨ ᠲᠦᠯ ᠳᠣᠰᠴᠣ ᠮᠡᠨᠳᠦ ᠪᠣᠶᠢᠵᠢᠭᠤᠯᠬᠤ ᠠᠵᠢᠯ ᠳᠤ ᠳᠡᠮᠵᠢᠯᠭᠡ ᠦᠵᠡᠭᠦᠯᠵᠦ ᠪᠤᠢ
ᠨᠡᠶᠢᠲᠡᠯᠡᠭᠰᠡᠨ ᠴᠠᠭ᠄
2022/3/29
     ᠬᠠᠬᠢᠷ ᠬᠦᠢᠳᠡᠨ ᠡᠪᠣᠯ ᠤᠨ ᠣᠯᠠᠷᠢᠯ ᠢ ᠦᠩᠭᠡᠷᠡᠵᠦ᠂ ᠦᠷᠭᠡᠨ ᠠᠭᠤᠳᠠᠮ ᠬᠦᠯᠦᠨ ᠪᠣᠶᠢᠷ ᠤᠨ ᠳᠠᠯ᠎ᠠ ᠨᠣᠳᠤᠭ ᠲᠤ ᠬᠠᠪᠣᠷ ᠰᠠᠭᠠᠳᠠᠵᠣ᠂ ᠮᠦᠰᠦ ᠴᠠᠰᠣ ᠬᠠᠶᠢᠯᠣᠨ᠂ ᠴᠠᠭ ᠠᠭᠤᠷ ᠳᠣᠯᠠᠭᠠᠷᠠᠵᠣ᠂ ᠮᠠᠯᠴᠢᠳ ᠣᠳᠣ ᠶᠠᠭ ᠲᠦᠯ ᠳᠣᠰᠴᠣ ᠶᠠᠭᠠᠷᠠᠯᠳᠣᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠮᠠᠨ ᠤ ᠬᠤᠰᠢᠭᠤ ᠲᠦᠯ ᠳᠣᠰᠴᠣ ᠮᠡᠨᠳᠦ ᠪᠣᠶᠢᠵᠢᠭᠤᠯᠬᠤ ᠠᠵᠢᠯ ᠢ ᠣᠳᠣᠬᠠᠨ ᠤ ᠮᠠᠯ ᠠᠵᠣ ᠠᠬᠤᠢ ᠶᠢᠨ ᠳᠡᠷᠢᠭᠦᠨ ᠴᠢᠬᠤᠯᠠ ᠠᠵᠢᠯ ᠪᠣᠯᠭᠠᠨ ᠠᠳᠬᠤᠵᠣ᠂ ᠡᠷᠳᠡ ᠠᠴᠠ ᠪᠠᠶᠢᠷᠢᠯᠠᠭᠤᠯᠣᠨ᠂ ᠮᠠᠯᠵᠢᠬᠤ ᠣᠷᠣᠨ ᠤ ᠲᠦᠯ ᠳᠣᠰᠴᠣ ᠮᠡᠨᠳᠦ ᠪᠣᠶᠢᠵᠢᠭᠤᠯᠬᠤ ᠡᠯ᠎ᠡ ᠲᠦᠷᠦᠯ ᠤᠨ ᠪᠡᠯᠡᠳᠭᠡᠯ ᠠᠵᠢᠯ ᠢ ᠣᠷᠢᠳᠴᠢᠯᠠᠨ ᠰᠠᠶᠢᠳᠣᠷ ᠬᠢᠵᠦ᠂ ᠦᠢᠯᠡᠴᠢᠯᠡᠭᠡᠨ ᠤ ᠪᠦᠯᠬᠦᠮ ᠢ ᠢᠳᠡᠪᠬᠢᠳᠠᠢ ᠵᠣᠬᠢᠶᠠᠨ ᠪᠠᠶᠢᠭᠤᠯᠵᠣ᠂ ᠦᠨᠳᠦᠰᠦᠨ ᠱᠠᠳᠣᠨ ᠳᠤ ᠬᠦᠨᠵᠡᠭᠡᠶᠢᠷᠡᠨ ᠮᠠᠯᠴᠢᠳ ᠤᠨ ᠬᠠᠰᠢᠶ᠎ᠠ ᠰᠠᠷᠠᠪᠴᠢ ᠳᠤ ᠠᠷᠢᠭᠤᠳᠬᠠᠯ ᠬᠢᠬᠦ᠂ ᠲᠦᠯ ᠮᠠᠯ ᠤᠨ ᠬᠢᠵᠢᠭ ᠭᠡᠮ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠰᠠᠶᠢᠳᠣᠷ ᠬᠢᠵᠦ᠂ ᠮᠠᠯᠴᠢᠨ ᠲᠦᠮᠡᠨ ᠤ ᠲᠦᠯ ᠳᠣᠰᠴᠣ ᠮᠡᠨᠳᠦ ᠪᠣᠶᠢᠵᠢᠭᠤᠯᠬᠤ ᠠᠵᠢᠯ ᠤᠨ ᠳᠣᠮᠳᠠ ᠳᠣᠯᠭᠠᠷᠠᠭᠰᠠᠨ ᠡᠯ᠎ᠡ ᠵᠦᠢᠯ ᠤᠨ ᠬᠦᠴᠢᠷ ᠲᠦᠪᠡᠭ ᠲᠠᠢ ᠠᠰᠠᠭᠤᠳᠠᠯ ᠢ ᠪᠦᠳᠦᠮᠵᠢᠳᠠᠢ ᠬᠠᠪᠰᠣᠷᠣᠨ ᠰᠢᠢᠳᠪᠦᠷᠢᠯᠡᠵᠦ ᠦᠭᠭᠦᠭᠰᠡᠨ ᠪᠠᠶᠢᠨ᠎ᠠ᠃      ᠬᠤᠰᠢᠭᠤᠨ ᠤ ᠳᠣᠯᠠᠭᠠᠨ ᠳᠠᠯ᠎ᠠ ᠳᠡᠵᠢᠭᠡᠨ ᠦᠷᠡᠵᠢᠬᠦᠯᠬᠦ ᠳᠠᠯᠠᠪᠠᠢ ᠳᠤ᠂ ᠬᠤᠰᠢᠭᠤᠨ ᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠳᠣᠰᠬᠠᠢ ᠳᠣᠮᠢᠯᠠᠭᠰᠠᠨ ᠮᠢᠬᠠᠨ ᠤ ᠬᠤᠨᠢ ᠳᠡᠵᠢᠭᠡᠨ ᠦᠷᠡᠵᠢᠬᠦᠯᠬᠦ ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠤᠨ ᠠᠵᠢᠯᠳᠠᠳ ᠠᠴᠠ ᠰᠠᠶ᠋ᠢ ᠲᠦᠷᠦᠭᠰᠡᠨ ᠬᠤᠷᠠᠭᠠᠨ ᠳᠤ ᠰᠢᠮ᠎ᠡ ᠳᠡᠵᠢᠭᠡᠯ ᠤᠨ ᠡᠮ ᠳᠠᠷᠢᠵᠣ ᠶᠠᠭᠠᠷᠠᠯᠳᠣᠨ᠎ᠠ᠃ ᠦᠢᠯᠡᠴᠢᠯᠡᠭᠡᠨ ᠤ ᠪᠦᠯᠬᠦᠮ ᠤᠨ ᠮᠡᠷᠭᠡᠵᠢᠯᠳᠡᠨ ᠰᠣᠷᠪᠣᠯᠵᠢᠯᠠᠭᠴᠢ ᠳᠤ ᠬᠡᠯᠡᠬᠦ ᠳᠡᠭᠡᠨ᠂ ᠰᠠᠶ᠋ᠢ ᠲᠦᠷᠦᠭᠰᠡᠨ ᠨᠢᠯᠬ᠎ᠠ ᠬᠤᠷᠠᠭ᠎ᠠ ᠡᠬᠢᠨ ᠤ ᠬᠤᠶᠠᠷ ᠭᠠᠷᠠᠭ ᠲᠤ ᠠᠮᠠᠷᠬᠠᠨ ᠴᠢᠴᠠᠭ᠎ᠠ ᠠᠯᠳᠠᠬᠤ ᠳᠣᠷᠠᠳᠠᠢ᠂ ᠵᠠᠷᠢᠮ ᠬᠤᠷᠠᠭ᠎ᠠ ᠨᠢ ᠪᠠᠰᠠ ᠺᠠᠯᠼ ᠳᠣᠳᠠᠬᠤ᠂ ᠠᠭᠤᠰᠬᠢᠨ ᠦᠷᠪᠢᠰᠦᠯ ᠵᠡᠷᠭᠡ ᠡᠪᠡᠳᠴᠢᠨ ᠤ ᠪᠠᠶᠢᠳᠠᠯ ᠢᠯᠡᠷᠡᠳᠡᠭ᠂ ᠡᠨᠡᠬᠦ ᠬᠤᠭᠤᠴᠠᠭᠠᠨ ᠳᠤ ᠮᠠᠯᠴᠢᠳ ᠡᠷᠬᠡᠪᠰᠢ ᠰᠠᠶᠢᠳᠣᠷ  ᠠᠷᠠᠴᠢᠯᠠᠵᠣ᠂ ᠮᠠᠯ ᠤᠨ ᠡᠪᠡᠳᠴᠢᠨ ᠬᠢᠵᠢᠭ ᠡᠭᠦᠰᠬᠦ  ᠨᠣᠷᠮ᠎ᠠ ᠶᠢ  ᠪᠠᠭᠠᠰᠬᠠᠪᠠᠯ ᠵᠣᠬᠢᠨ᠎ᠠ᠃      ᠣᠶᠢᠯᠠᠭᠠᠭᠰᠠᠨ ᠢᠶᠠᠷ᠂ ᠳᠣᠯᠠᠭᠠᠨ ᠳᠠᠯ᠎ᠠ ᠳᠡᠵᠢᠭᠡᠨ ᠦᠷᠡᠵᠢᠬᠦᠯᠬᠦ ᠳᠠᠯᠠᠪᠠᠢ ᠨᠢ ᠭᠤᠣᠯᠳᠠᠭᠤ ᠣᠯᠠᠨ ᠭᠡᠭᠡᠯ  ᠲᠠᠢ ᠮᠢᠬᠠᠨ ᠤ ᠬᠤᠨᠢ ᠦᠷᠡᠵᠢᠬᠦᠯᠬᠦ ᠪᠠᠷ ᠭᠤᠣᠯ ᠪᠣᠯᠭᠠᠬᠤ ᠶᠢᠨ ᠵᠡᠷᠭᠡᠪᠡᠷ᠂ ᠳᠡᠷᠢᠭᠦᠨ ᠤ ᠰᠢᠨᠵᠢᠯᠡᠬᠦ ᠣᠬᠠᠭᠠᠨᠴᠢ ᠮᠠᠯ ᠠᠵᠣ ᠠᠬᠤᠢ ᠶᠢᠨ ᠠᠷᠠᠴᠢᠯᠡᠨ ᠳᠡᠵᠢᠭᠡᠬᠦ ᠰᠣᠳᠣᠯᠭᠠᠨ ᠤ ᠦᠷ᠎ᠡ ᠪᠦᠳᠦᠭᠡᠯ ᠪᠡ ᠳᠡᠵᠢᠭᠡᠨ ᠦᠷᠡᠵᠢᠬᠦᠯᠬᠦ ᠮᠡᠷᠭᠡᠵᠢᠯ ᠢ ᠲᠦᠭᠡᠮᠡᠯᠵᠢᠬᠦᠯᠵᠦ᠂ ᠦᠢᠯᠡᠳᠪᠦᠷᠢᠯᠡᠯ ᠤᠨ ᠦᠷ᠎ᠡ ᠪᠦᠳᠦᠮᠵᠢ ᠪᠡ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠭᠰᠡᠨ ᠪᠠᠶᠢᠨ᠎ᠠ᠃ ᠣᠳᠣᠬᠠᠨ ᠳᠤ᠂ ᠳᠣᠰ ᠳᠡᠵᠢᠭᠡᠨ ᠦᠷᠡᠵᠢᠬᠦᠯᠬᠦ ᠳᠠᠯᠠᠪᠠᠢ ᠶᠢᠨ ᠡᠪᠣᠯ ᠤᠨ ᠲᠦᠯ ᠳᠣᠰᠬᠤ ᠠᠵᠢᠯ ᠠᠮᠵᠢᠯᠳᠠᠳᠠᠢ ᠳᠠᠭᠤᠰᠴᠣ᠂ ᠢᠭᠡᠷ᠎ᠡ ᠲᠦᠯ ᠤᠨ ᠨᠣᠷᠮ᠎ᠠ ᠨᠢ 45% ᠳᠤ ᠬᠦᠷᠴᠦ᠂ ᠪᠣᠶᠢᠵᠢᠯᠳᠠ  ᠶᠢᠨ ᠨᠣᠷᠮ᠎ᠠ ᠨᠢ 85% ᠳᠤ ᠬᠦᠷᠪᠡ᠃ ᠡᠪᠣᠯ ᠤᠨ ᠲᠦᠯ ᠤᠨ ᠣᠯᠠᠩᠭᠢ ᠨᠢ ᠭᠤᠷᠪᠠᠨ ᠢᠬᠡᠷ᠎ᠡ᠂ ᠲᠦᠷᠪᠡᠨ ᠢᠭᠡᠷ᠎ᠡ  ᠪᠠᠷ ᠭᠤᠣᠯᠯᠠᠵᠣ ᠣᠨᠴᠠ ᠵᠠᠷᠢᠮ ᠲᠦᠯ ᠤᠨ ᠰᠢᠮ᠎ᠡ ᠲᠡᠵᠢᠭᠡᠯ ᠨᠢ ᠬᠦᠷᠦᠯᠴᠡᠬᠦ ᠦᠭᠡᠢ ᠪᠣᠯᠣᠭᠰᠠᠨ ᠪᠠᠶᠢᠨ᠎ᠠ᠃      ᠣᠳᠣᠬᠠᠨ ᠳᠤ ᠪᠣᠯ ᠶᠠᠭ ᠰᠠᠶ᠋ᠢᠬᠠᠨ ᠮᠠᠨ ᠤ ᠬᠤᠰᠢᠭᠤᠨ ᠤ ᠲᠦᠯ ᠳᠣᠰᠴᠣ ᠮᠡᠨᠳᠦ ᠪᠣᠶᠢᠵᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠬᠤᠰᠢᠭᠤᠨ ᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠳᠣᠰᠬᠠᠢ ᠳᠣᠮᠢᠯᠠᠭᠰᠠᠨ ᠤᠨ ᠮᠢᠬᠠᠨ ᠤ ᠬᠤᠨᠢ ᠳᠡᠵᠢᠭᠡᠨ ᠦᠷᠡᠵᠢᠬᠦᠯᠬᠦ ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠦᠨᠳᠦᠰᠦᠨ ᠱᠠᠳᠣᠨ ᠳᠤ ᠬᠦᠨᠵᠡᠭᠡᠶᠢᠷᠡᠨ᠂ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠦᠷᠦ ᠶᠢᠨ ᠪᠣᠳᠣᠯᠭ᠎ᠠ ᠶᠢ ᠲᠦᠭᠡᠮᠡᠯᠵᠢᠬᠦᠯᠦᠨ ᠣᠬᠠᠭᠤᠯᠬᠤ᠂ ᠬᠡᠷᠡᠭᠯᠡᠭᠡᠨ ᠤ ᠳᠡᠵᠢᠭᠡᠨ ᠦᠷᠡᠵᠢᠬᠦᠯᠬᠦ ᠮᠡᠷᠭᠡᠵᠢᠯ ᠢ ᠳᠡᠯᠭᠡᠷᠡᠬᠦᠯᠬᠦ ᠵᠡᠷᠭᠡ ᠦᠢᠯᠡᠴᠢᠯᠡᠭᠡ ᠬᠢᠵᠦ ᠮᠠᠯᠵᠢᠬᠤ ᠡᠷᠦᠬᠡ ᠶᠢᠨ ᠲᠦᠯ ᠤᠨ ᠪᠣᠶᠢᠵᠢᠯᠳᠠ ᠶᠢᠨ ᠨᠣᠷᠮ᠎ᠠ ᠶᠢ ᠦᠨᠡᠨᠬᠦ ᠳᠡᠭᠡᠭᠰᠢᠯᠡᠬᠦᠯᠦᠭᠰᠡᠨ ᠪᠠᠶᠢᠨ᠎ᠠ᠃      ᠬᠠᠪᠣᠷ ᠠᠴᠠ ᠨᠠᠰᠢ᠂ ᠮᠠᠨ ᠤ ᠬᠤᠰᠢᠭᠤ ᠦᠢᠯᠡᠴᠢᠯᠡᠭᠡᠨ ᠤ ᠪᠦᠯᠬᠦᠮ ᠤᠨ ᠮᠡᠷᠭᠡᠵᠢᠯᠳᠡᠨ ᠢ ᠵᠣᠬᠢᠶᠠᠨ ᠪᠠᠶᠢᠭᠤᠯᠵᠣ ᠦᠨᠳᠦᠰᠦᠨ ᠱᠠᠳᠣᠨ ᠤ ᠮᠠᠯᠵᠢᠬᠤ ᠡᠷᠦᠬᠡ ᠳᠤ ᠬᠦᠨᠵᠡᠭᠡᠶᠢᠷᠡᠬᠦᠯᠦᠨ᠂ ᠳᠡᠵᠢᠭᠡᠨ ᠦᠷᠡᠵᠢᠬᠦᠯᠬᠦ ᠬᠠᠮᠢᠶᠠᠷᠣᠯᠳᠠ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠳᠠᠯ᠎ᠠ ᠪᠠᠷ ᠮᠠᠯᠴᠢᠳ ᠤᠨ ᠲᠦᠯ ᠳᠣᠰᠴᠣ ᠮᠡᠨᠳᠦ ᠪᠣᠶᠢᠵᠢᠭᠤᠯᠬᠤ ᠳᠤ ᠰᠢᠯᠢᠳᠡᠭ ᠦᠢᠯᠡᠴᠢᠯᠡᠭᠡ ᠬᠠᠩᠭᠠᠨ ᠦᠭᠴᠡᠢ᠂ ᠣᠳᠣᠬᠠᠨ ᠪᠣᠯᠳᠠᠯ᠎ᠠ᠂ ᠪᠦᠬᠦ ᠬᠤᠰᠢᠭᠤ ᠪᠠᠷ ᠢᠶᠠᠨ ᠨᠡᠶᠢᠳᠡ 8.32 ᠲᠦᠮᠡᠨ ᠳᠣᠯᠣᠭᠠᠢ ᠲᠦᠯ ᠳᠣᠰᠴᠣ᠂ ᠪᠣᠶᠢᠵᠢᠯᠳᠠ ᠶᠢᠨ ᠨᠣᠷᠮ᠎ᠠ ᠨᠢ 99.2% ᠲᠤ ᠬᠦᠷᠴᠦ᠂ ᠵᠢᠱᠢᠯᠳᠡ ᠪᠠᠷ ᠦᠨᠣ ᠵᠢᠯ 83.45 ᠲᠦᠮᠡᠨ ᠳᠣᠯᠣᠭᠠᠢ ᠲᠦᠯ ᠳᠣᠰᠬᠤ ᠪᠣᠯᠣᠨ᠎ᠠ᠃                       ᠰᠣᠷᠪᠣᠯᠵᠢᠯᠠᠭᠴᠢ᠄ ᠢᠦᠢ ᠭᠤᠸᠠᠩ   ᠬᠣ᠋ ᠵᠢᠶᠣᠣ ᠵᠢᠶᠣᠣ   ᠬᠠᠪᠣᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号