ᠦᠰᠦᠭ ᠢᠶᠠᠷ ᠦᠭᠦᠯᠡᠬᠦᠢ᠄ ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠶᠢᠨ ᠡᠮ ᠬᠡᠷᠡᠭᠯᠡᠬᠦ ᠶᠢ ᠪᠠᠲᠤᠯᠠᠬᠤ ᠲᠦᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/3/29
     ᠨᠢᠭᠡ᠂ ︽ᠬᠤᠶᠠᠷ ᠡᠪᠡᠳᠴᠢᠨ︾ ᠭᠡᠳᠡᠭ ᠨᠢ ᠠᠯᠢ ᠬᠤᠶᠠᠷ ᠵᠦᠢᠯ ᠤᠨ ᠡᠪᠡᠳᠴᠢᠨ ᠢ ᠵᠢᠭᠠᠵᠤ ᠪᠠᠶᠢᠬᠤ ᠪᠣᠢ︖      ᠬᠠᠷᠢᠭᠤᠯᠲᠠ᠄ ︽ᠬᠤᠶᠠᠷ ᠡᠪᠡᠳᠴᠢᠨ︾ ᠭᠡᠳᠡᠭ ᠨᠢ ᠴᠢᠰᠤᠨ ᠳᠠᠷᠤᠯᠲᠠ ᠦᠨᠳᠦᠷ ᠡᠪᠡᠳᠴᠢᠨ᠂ ᠰᠢᠬᠢᠷ ᠰᠢᠵᠢᠩ ᠡᠪᠡᠳᠴᠢᠨ ᠢ ᠵᠢᠭᠠᠵᠤ ᠪᠠᠶᠢᠨ᠎ᠠ᠃      ᠬᠤᠶᠠᠷ᠂ ᠶᠠᠮᠠᠷ ᠬᠦᠮᠦᠰ ᠨᠢ ︽ᠬᠤᠶᠠᠷ ᠡᠪᠡᠳᠴᠢᠨ︾ ᠤ ᠪᠠᠲᠤᠯᠠᠭ᠎ᠠ ᠶᠢᠨ ᠡᠲᠡᠭᠡᠳ ᠲᠤ ᠪᠠᠭᠲᠠᠬᠤ ᠪᠣᠢ      ᠬᠠᠷᠢᠭᠤᠯᠲᠠ᠄ ᠮᠠᠨ ᠤ ᠬᠤᠰᠢᠭᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠮᠦᠷᠲᠡᠭᠡᠨ ᠡᠮᠲᠦ ᠪᠣᠳᠠᠰ ᠤᠨ ᠡᠮᠴᠢᠯᠡᠭᠡ ᠬᠢᠭᠰᠡᠨ ︽ᠬᠤᠶᠠᠷ ᠡᠪᠡᠳᠴᠢᠨ︾ ᠤ ᠡᠪᠡᠳᠴᠢᠲᠡᠳ᠃      ᠭᠤᠷᠪᠠ᠂ ︽ᠬᠤᠶᠠᠷ ᠡᠪᠡᠳᠴᠢᠨ︾ ᠤ ᠣᠨᠣᠰᠢᠯᠠᠬᠤ ᠪᠠᠷᠢᠮᠵᠢᠶ᠎ᠠ      ᠴᠢᠰᠤᠨ ᠳᠠᠷᠤᠯᠲᠠ ᠦᠨᠳᠦᠷ ᠡᠪᠡᠳᠴᠢᠨ ᠤ ᠣᠨᠣᠰᠢᠯᠠᠨ ᠲᠣᠭᠲᠠᠭᠠᠬᠤ ᠪᠠᠷᠢᠮᠵᠢᠶ᠎ᠠ᠄ ᠬᠤᠶᠠᠷ ᠤᠳᠠᠭ᠎ᠠ ᠪᠤᠶᠤ ᠲᠡᠭᠦᠨ ᠠᠴᠠ ᠳᠡᠭᠡᠭᠰᠢ ᠠᠳᠠᠯᠢ ᠪᠣᠰᠤ ᠡᠳᠦᠷ ᠨᠠᠮᠵᠢᠭᠤᠨ ᠪᠠᠶᠢᠳᠠᠯ ᠳᠣᠣᠷ᠎ᠠ ᠬᠡᠮᠵᠢᠨ ᠣᠯᠣᠭᠰᠠᠨ ᠠᠪᠴᠢᠬᠤ ᠳᠠᠷᠤᠯᠲᠠ ≥140 mmHg᠂ ᠲᠡᠯᠡᠬᠦ ᠳᠠᠷᠤᠯᠲᠠ ≥90 mmHg ᠪᠣᠯ ᠳᠠᠷᠤᠢ ᠲᠣᠭᠲᠠᠭᠠᠵᠤ ᠪᠣᠯᠣᠨ᠎ᠠ᠃      ᠰᠢᠬᠢᠷ ᠰᠢᠵᠢᠩ ᠡᠪᠡᠳᠴᠢᠨ ᠤ ᠣᠨᠣᠰᠢᠯᠠᠨ ᠲᠣᠭᠲᠠᠭᠠᠬᠤ ᠪᠠᠷᠢᠮᠵᠢᠶ᠎ᠠ ᠨᠡᠶᠢᠲᠡᠯᠢᠭ ᠰᠢᠬᠢᠷ ᠰᠢᠵᠢᠩ ᠡᠪᠡᠳᠴᠢᠨ ᠤ ᠪᠠᠶᠢᠳᠠᠯ ︵ᠪᠤᠬᠢᠨᠢᠳᠤᠬᠤ ᠤᠮᠳᠠᠭᠠᠰᠬᠤ ᠣᠯᠠᠨ ᠤᠤᠭᠤᠬᠤ᠂ ᠣᠯᠠᠨ ᠰᠢᠭᠡᠬᠦ᠂ ᠣᠯᠠᠨ ᠢᠳᠡᠬᠦ᠂ ᠲᠣᠳᠣᠷᠬᠠᠢ ᠪᠣᠰᠤ ᠰᠢᠯᠲᠠᠭᠠᠨ ᠢᠶᠠᠷ ᠲᠤᠷᠠᠬᠤ︶ ᠲᠠᠢ ᠮᠦᠷᠲᠡᠭᠡᠨ ᠳᠣᠣᠷᠠᠬᠢ ᠠᠯᠢ ᠨᠢᠭᠡ ᠨᠢᠭᠡ ᠨᠦᠬᠦᠴᠡᠯ ᠢ ᠨᠢ ᠬᠠᠩᠭᠠᠪᠠᠯ ᠳᠠᠷᠤᠢ ᠰᠢᠬᠢᠷ ᠰᠢᠵᠢᠩ ᠡᠪᠡᠳᠴᠢᠨ ᠳᠤ ᠨᠡᠷᠪᠡᠭᠳᠡᠭᠰᠡᠨ ᠢᠶᠠᠷ ᠲᠣᠭᠲᠠᠭᠠᠵᠤ ᠪᠣᠯᠣᠨ᠎ᠠ᠃⑴ ᠲᠣᠬᠢᠶᠠᠯᠳᠤᠯ ᠤᠨ ᠴᠢᠰᠤᠨ ᠤ ᠰᠢᠬᠢᠷ ᠤᠨ ᠲᠣᠭᠲᠠᠭᠠᠯᠲᠠ ᠳᠤ ᠨᠠᠮᠵᠢᠭᠤᠨ ᠰᠤᠳᠠᠯ ᠤᠨ ᠴᠢᠰᠤᠨ ᠤ ᠰᠢᠩᠭᠡᠨ ᠤ ᠦᠵᠦᠮ ᠤᠨ ᠰᠢᠬᠢᠷ ᠨᠢ ︵mmo1/1︶ ≥ 11.1︔⑵ ᠦᠯᠦᠨ ᠴᠢᠰᠤᠨ ᠤ ᠰᠢᠬᠢᠷ ᠤᠨ ᠲᠣᠭᠲᠠᠭᠠᠯᠲᠠ ᠳᠤ ᠨᠠᠮᠵᠢᠭᠤᠨ ᠰᠤᠳᠠᠯ ᠤᠨ ᠴᠢᠰᠤᠨ ᠤ ᠰᠢᠩᠭᠡᠨ ᠤ ᠦᠵᠦᠮ ᠤᠨ ᠰᠢᠬᠢᠷ ᠨᠢ ︵mmo1/1︶ ≥ 7.0︔⑶ ᠦᠵᠦᠮ ᠤᠨ ᠰᠢᠬᠢᠷ ᠤᠨ ᠠᠴᠢᠶᠠᠯᠠᠯ ᠲᠠᠢ ᠪᠣᠯᠣᠭᠰᠠᠨ ᠤ 2 ᠴᠠᠭ ᠤᠨ ᠳᠠᠷᠠᠭ᠎ᠠ ᠴᠢᠰᠤᠨ ᠤ ᠰᠢᠩᠭᠡᠨ ᠤ ᠦᠵᠦᠮ ᠤᠨ ᠰᠢᠬᠢᠷ ᠨᠢ ︵mmo1/1︶ ≥ 11.1      ᠳᠦᠷᠪᠡ᠂ ︽ᠬᠤᠶᠠᠷ ᠡᠪᠡᠳᠴᠢᠨ︾ ᠢ ᠬᠡᠷᠬᠢᠨ ᠣᠨᠣᠰᠢᠯᠠᠨ ᠲᠣᠭᠲᠠᠭᠠᠬᠤ ᠪᠣᠢ︖      ⒈ ᠪᠦᠭᠡᠮ ᠢᠶᠠᠷ ᠣᠨᠣᠰᠢᠯᠠᠨ ᠲᠣᠭᠲᠠᠭᠠᠨ᠎ᠠ᠃ ᠡᠯ᠎ᠡ ᠱᠠᠲᠤᠨ ᠤ ᠲᠤᠭᠲᠠᠭᠰᠠᠨ ᠴᠡᠭᠲᠦ ᠠᠯᠪᠠᠨ ᠤ ᠡᠮᠨᠡᠯᠭᠡ ᠶᠢᠨ ᠪᠠᠶᠢᠭᠤᠯᠤᠮᠵᠢ ᠠᠴᠠ ︽ᠬᠤᠶᠠᠷ ᠡᠪᠡᠳᠴᠢᠨ︾ ᠤ ᠳᠦᠷᠢᠮᠵᠢᠭᠦᠯᠦᠭᠰᠡᠨ ᠬᠠᠮᠢᠶᠠᠷᠤᠯᠲᠠ ᠶᠢᠨ ᠬᠦᠮᠦᠰ ᠤᠨ ᠰᠤᠷᠠᠭ ᠵᠠᠩᠭᠢ ᠶᠢ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠣᠷᠤᠭᠤᠯᠤᠨ᠎ᠠ᠃      ⒉ ᠭᠠᠷᠳᠠᠨ ᠬᠢᠬᠦ ᠪᠠᠶᠢᠭᠤᠯᠤᠮᠵᠢ ᠠᠴᠠ ᠣᠨᠣᠰᠢᠯᠠᠨ ᠲᠣᠭᠲᠠᠭᠠᠨ᠎ᠠ᠃ ᠥᠩᠭᠡᠷᠡᠭᠰᠡᠨ ᠳᠤ ᠡᠪᠡᠳᠴᠢᠨ ᠤ ᠲᠡᠦᠬᠡ ᠲᠠᠢ ᠮᠦᠷᠲᠡᠭᠡᠨ ᠬᠠᠮᠢᠶᠠᠲᠠᠢ ᠡᠮᠴᠢᠯᠡᠭᠦᠯᠦᠭᠰᠡᠨ ᠮᠠᠲ᠋ᠧᠷᠢᠶᠠᠯ ᠪᠦᠬᠦᠢ ︽ᠬᠤᠶᠠᠷ ᠡᠪᠡᠳᠴᠢᠨ︾ ᠤ ᠡᠪᠡᠳᠴᠢᠲᠡᠨ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠬᠦᠷᠴᠦ ᠣᠨᠣᠰᠢᠯᠠᠨ ᠲᠣᠭᠲᠠᠭᠠᠵᠤ ᠪᠣᠯᠣᠨ᠎ᠠ᠃      ⒊ ᠠᠯᠪᠠᠨ ᠤ ᠲᠣᠭᠲᠠᠭᠰᠠᠨ ᠴᠡᠭᠲᠦ ᠡᠮ ᠡᠮᠨᠡᠯᠭᠡ ᠶᠢᠨ ᠪᠠᠶᠢᠭᠤᠯᠤᠮᠵᠢ ᠠᠴᠠ ᠣᠨᠣᠰᠢᠯᠠᠨ ᠲᠣᠭᠲᠠᠭᠠᠨ᠎ᠠ᠃ ᠰᠠᠶ᠋ᠢᠬᠠᠨ ᠡᠪᠡᠳᠴᠢᠯᠡᠭᠰᠡᠨ ᠡᠪᠡᠳᠴᠢᠲᠡᠨ ᠬᠤᠶᠠᠳᠤᠭᠠᠷ ᠳᠡᠰ ᠪᠤᠶᠤ ᠲᠡᠭᠦᠨ ᠠᠴᠠ ᠳᠡᠭᠡᠭᠰᠢ ᠲᠣᠭᠲᠠᠭᠰᠠᠨ ᠴᠡᠭᠲᠦ ᠡᠮᠨᠡᠯᠭᠡ ᠳᠤ ᠣᠴᠢᠵᠤ ᠡᠮᠴᠢᠯᠡᠭᠦᠯᠦᠨ᠂ ᠡᠮᠴᠢ ᠠᠴᠠ ᠣᠨᠣᠰᠢᠯᠠᠨ ᠨᠤᠲᠠᠯᠠᠭᠰᠠᠨ ᠤ ᠳᠠᠷᠠᠭ᠎ᠠ᠂ ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠶᠢᠨ ᠡᠮ ᠬᠡᠷᠡᠭᠯᠡᠬᠦ ᠶᠢ ᠪᠠᠲᠤᠯᠠᠬᠤ ᠬᠦᠷᠢᠶ᠎ᠡ ᠬᠡᠪᠴᠢᠶ᠎ᠡ ᠪᠤᠶᠤ ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠶᠢᠨ ᠶᠡᠷᠦ ᠶᠢᠨ ᠤᠳᠠᠭᠠᠨ ᠴᠢᠨᠠᠷᠲᠠᠢ ᠡᠪᠡᠳᠴᠢᠨ ᠤ ᠬᠦᠷᠢᠶ᠎ᠡ ᠬᠡᠪᠴᠢᠶᠡᠨ ᠳᠤ ᠣᠷᠤᠭᠤᠯᠵᠤ ᠪᠣᠯᠣᠨ᠎ᠠ᠃      ⒋ ᠭᠡᠷ ᠲᠤ ᠨᠢ ᠬᠦᠷᠴᠦ ᠣᠨᠣᠰᠢᠯᠠᠨ ᠲᠣᠭᠲᠠᠭᠠᠨ᠎ᠠ᠃ ᠬᠦᠳᠡᠯᠵᠦ ᠪᠠᠷᠢᠬᠤ ᠳᠤ ᠳᠦᠭᠦᠮ ᠪᠤᠰᠤ᠂ ᠤᠷᠲᠤ ᠬᠤᠭᠤᠴᠠᠭ᠎ᠠ ᠪᠠᠷ ᠬᠡᠪᠲᠡᠷᠢ ᠳᠤ ᠣᠷᠣᠭᠰᠠᠨ ᠪᠠ ᠦᠨᠦᠴᠢᠨ ᠪᠡᠯᠪᠡᠰᠦᠨ ᠨᠠᠰᠤᠲᠠᠨ ᠵᠡᠷᠭᠡ ᠳᠠᠭᠠᠳᠬᠠᠯ ᠳᠤ ᠣᠷᠣᠯᠴᠠᠭᠰᠠᠨ ᠬᠦᠮᠦᠰ ᠲᠤ ᠰᠠᠨᠠᠭᠠᠴᠢᠯᠠᠭᠠᠲᠠᠢ ᠭᠡᠷ ᠲᠤ ᠨᠢ ᠣᠴᠢᠨ ᠦᠢᠯᠡᠴᠢᠯᠡᠵᠦ᠂ ᠰᠣᠮᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠠᠴᠠ ᠬᠠᠷᠢᠶᠠᠯᠠᠭᠳᠠᠬᠤ ᠬᠦᠷᠢᠶ᠎ᠡ ᠬᠡᠪᠴᠢᠶ᠎ᠡ ᠶᠢᠨ ᠶᠣᠰᠣᠭᠠᠷ ᠬᠠᠷᠢᠭᠤᠴᠠᠨ ᠣᠨᠣᠰᠢᠯᠠᠨ ᠲᠣᠭᠲᠠᠭᠠᠵᠤ᠂ ᠲᠤᠬᠠᠢ ᠶᠢᠨ ᠲᠠᠯᠠᠪᠤᠷ ᠲᠤ ᠤᠳᠠᠭᠠᠨ ᠴᠢᠨᠠᠷᠲᠠᠢ ᠡᠪᠡᠳᠴᠢᠨ ᠤ ᠡᠭᠦᠳᠡᠨ ᠡᠮᠨᠡᠯᠭᠡ ᠶᠢᠨ ᠭᠠᠷ ᠳᠡᠪᠲᠡᠷ ᠢ ᠣᠯᠭᠤᠵᠤ᠂ ᠴᠠᠭ ᠲᠤᠬᠠᠢ ᠳᠤᠨᠢ ᠬᠠᠮᠢᠶᠠᠲᠠᠢ ᠬᠠᠷᠠᠭᠠᠯᠵᠠᠯ ᠢ ᠬᠦᠷᠲᠡᠭᠡᠨ᠎ᠡ᠃      ⒌ ᠣᠶᠢᠷ᠎ᠠ ᠬᠠᠪᠢ ᠳᠠᠭᠠᠨ ᠣᠨᠣᠰᠢᠯᠠᠨ ᠲᠣᠭᠲᠠᠭᠠᠨ᠎ᠠ᠃ ᠪᠣᠶᠢᠳᠠ ᠪᠦᠭᠯᠡᠭᠦᠦ ᠮᠠᠯᠵᠢᠬᠤ ᠣᠷᠣᠨ ᠤ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠢ ᠰᠠᠭᠤᠭ᠎ᠠ ᠰᠣᠮᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠬᠠᠷᠢᠭᠤᠴᠠᠨ ᠣᠨᠣᠰᠢᠯᠠᠨ ᠲᠣᠭᠲᠠᠭᠠᠵᠤ᠂ ᠣᠨᠣᠰᠢᠯᠠᠨ ᠲᠣᠭᠲᠠᠭᠠᠭᠰᠠᠨ ᠬᠦᠮᠦᠨ ᠤ ᠰᠤᠷᠠᠭ ᠵᠠᠩᠭᠢ ᠶᠢ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠴᠠᠭ ᠢᠮᠠᠭᠲᠠ ᠮᠡᠳᠡᠭᠦᠯᠵᠦ ᠪᠠᠶᠢᠬᠤ ᠬᠡᠷᠡᠭᠲᠡᠢ᠃ ᠨᠢᠭᠡ ᠵᠢᠱᠢᠶ᠎ᠡ ᠶᠢ ᠣᠯᠵᠤ ᠮᠡᠳᠡᠪᠡᠯ ᠴᠠᠭ ᠲᠤᠬᠠᠢ ᠳᠤᠨᠢ ᠨᠢᠭᠡ ᠵᠢᠱᠢᠶ᠎ᠡ ᠶᠢ ᠣᠷᠤᠭᠤᠯᠬᠤ ᠶᠢ ᠪᠡᠶᠡᠯᠡᠭᠦᠯᠵᠦ᠂ ᠣᠨᠣᠰᠢᠯᠠᠨ ᠲᠣᠭᠲᠠᠭᠠᠬᠤ ᠬᠤᠭᠤᠴᠠᠭ᠎ᠠ ᠶᠢ ᠪᠣᠭᠤᠨᠢᠰᠬᠠᠵᠤ᠂ ᠪᠣᠶᠢᠳᠠ ᠪᠦᠭᠯᠡᠭᠦᠦ ᠭᠠᠵᠠᠷ ᠣᠷᠣᠨ ᠤ ︽ᠬᠤᠶᠠᠷ ᠡᠪᠡᠳᠴᠢᠨ︾ ᠤ ᠡᠪᠡᠳᠴᠢᠲᠡᠨ ᠳᠤ ᠦᠨᠡᠨ ᠬᠦ ᠳᠦᠭᠦᠮ ᠦᠵᠡᠭᠦᠯᠦᠨ᠎ᠡ᠃      ᠲᠠᠪᠤ᠂ ︽ᠬᠤᠶᠠᠷ ᠡᠪᠡᠳᠴᠢᠨ︾ ᠤ ᠡᠪᠡᠳᠴᠢᠲᠡᠨ ᠨᠢ ᠬᠠᠮᠢᠭ᠎ᠠ ᠠᠴᠠ ᠡᠮ ᠬᠤᠳᠠᠯᠳᠤᠨ ᠠᠪᠤᠪᠠᠯ ᠳᠠᠩᠰᠠ ᠳᠠᠶᠢᠯᠵᠤ ᠪᠣᠯᠬᠤ ᠪᠤᠢ︖      ᠬᠠᠷᠢᠭᠤᠯᠲᠠ᠄ ︽ᠬᠤᠶᠠᠷ ᠡᠪᠡᠳᠴᠢᠨ︾ ᠤ ᠡᠪᠡᠳᠴᠢᠲᠡᠨ ᠢᠶᠠᠷ ᠣᠨᠣᠰᠢᠯᠠᠨ ᠲᠣᠭᠲᠠᠭᠰᠠᠨ ᠳᠠᠭᠠᠳᠬᠠᠯ ᠳᠤ ᠣᠷᠣᠯᠴᠠᠭᠰᠠᠨ ᠬᠤᠲᠠ ᠬᠦᠳᠡᠭᠡ ᠶᠢᠨ ᠰᠠᠭᠤᠭᠠᠯᠢ ᠠᠷᠠᠳ᠂ ᠪᠦᠬᠦ ᠬᠤᠲᠠ ᠶᠢᠨ ᠲᠣᠭᠲᠠᠭᠰᠠᠨ ᠴᠡᠭᠲᠦ ᠡᠮ ᠡᠮᠨᠡᠯᠭᠡ ᠶᠢᠨ ᠪᠠᠶᠢᠭᠤᠯᠤᠮᠵᠢ ᠪᠠ ᠤᠳᠠᠭᠠᠨ ᠴᠢᠨᠠᠷᠲᠠᠢ ᠡᠪᠡᠳᠴᠢᠨ ᠤ ᠲᠣᠭᠲᠠᠭᠰᠠᠨ ᠴᠡᠭᠲᠦ ᠡᠮ ᠤᠨ ᠳᠡᠯᠭᠡᠭᠦᠷ ᠲᠤ ᠣᠴᠢᠨ ᠡᠮ ᠬᠤᠳᠠᠯᠳᠤᠨ ᠠᠪᠴᠤ᠂ ᠰᠦᠢᠳᠬᠡᠯ ᠢ ᠨᠢ ᠳᠠᠷᠤᠢ ᠳᠤᠨᠢ ᠲᠣᠭᠠᠴᠠᠭᠠᠯᠠᠨ᠎ᠠ᠃ ᠮᠠᠨ ᠤ ᠬᠤᠰᠢᠭᠤᠨ ᠤ ᠡᠮ ᠬᠤᠳᠠᠯᠳᠤᠨ ᠠᠪᠬᠤ ᠪᠠᠶᠢᠭᠤᠯᠤᠮᠵᠢ ᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠪᠠ ᠡᠯ᠎ᠡ ᠰᠣᠮᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠤᠢ᠃      ᠵᠢᠷᠭᠤᠭ᠎ᠠ᠂ ︽ᠬᠤᠶᠠᠷ ᠡᠪᠡᠳᠴᠢᠨ︾ ᠤ ᠳᠠᠩᠰᠠ ᠲᠠᠶᠢᠯᠬᠤ ᠬᠠᠷᠢᠴᠠᠯ ᠨᠢ ᠬᠡᠳᠦᠢ ᠪᠣᠢ︖      ᠬᠠᠷᠢᠭᠤᠯᠲᠠ᠄ ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠶᠢᠨ ᠪᠠᠲᠤᠯᠠᠭ᠎ᠠ ᠨᠢ ᠡᠬᠢᠯᠡᠨ ᠲᠤᠰᠢᠶᠠᠬᠤ ᠱᠤᠭᠤᠮ ᠲᠣᠭᠲᠠᠭᠠᠬᠤ ᠦᠭᠡᠢ᠂ ᠲᠦᠷᠥ ᠶᠢᠨ ᠪᠣᠳᠣᠯᠭ᠎ᠠ ᠶᠢᠨ ᠬᠦᠷᠢᠶ᠎ᠡ ᠬᠡᠪᠴᠢᠶᠡᠨ ᠳᠣᠲᠣᠷ᠎ᠠ ᠲᠦᠯᠦᠬᠦ ᠬᠠᠷᠢᠴᠠᠯ  ᠨᠢ 50%᠂ ᠵᠢᠯ ᠤᠨ ᠬᠠᠮᠤᠭ ᠤᠨ ᠳᠡᠭᠡᠳᠦ ᠲᠦᠯᠦᠪᠦᠷᠢ ᠨᠢ ᠴᠢᠰᠤᠨ ᠳᠠᠷᠤᠯᠲᠠ ᠦᠨᠳᠦᠷ ᠡᠪᠡᠳᠴᠢᠨ 300 ᠲᠦᠬᠦᠷᠢᠭ᠂ ᠰᠢᠬᠢᠷ ᠰᠢᠵᠢᠩ ᠡᠪᠡᠳᠴᠢᠨ 600 ᠲᠦᠬᠦᠷᠢᠭ᠂ ︽ᠬᠤᠶᠠᠷ ᠡᠪᠡᠳᠴᠢᠨ︾ ᠳᠠᠪᠬᠤᠴᠠᠭᠰᠠᠨ 600 ᠲᠦᠬᠦᠷᠢᠭ᠃                ᠰᠢᠨ᠎ᠡ ᠪᠠᠷᠭᠤ ᠪᠠᠷᠠᠭᠤᠨ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号