ᠮᠠᠨ ᠤ ᠬᠤᠰᠢᠭᠤᠨ ᠤ ᠬᠠᠥᠯᠢ ᠴᠠᠭᠠᠵᠠ ᠶᠢᠨ ᠲᠣᠪᠴᠢᠶ᠎ᠠ ᠡᠸᠡᠩᠬᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠲᠠᠢ ᠬᠠᠷᠢᠯᠴᠠᠬᠤ ᠳᠦᠷᠢᠮ ᠢ ᠬᠠᠮᠲᠤᠪᠠᠷ ᠪᠠᠶᠢᠭᠤᠯᠵᠤ᠂ ᠬᠠᠥᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2022/3/29
     ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠠᠵᠢᠯ ᠢ ᠪᠣᠳᠠᠲᠤ ᠭᠠᠵᠠᠷ ᠲᠤ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠥᠯᠢ ᠴᠠᠭᠠᠵᠠ ᠶᠢᠨ ᠲᠣᠪᠴᠢᠶ᠎ᠠ ᠪᠣᠯᠣᠨ ᠠᠷᠠᠳ ᠤᠨ ᠰᠢᠭᠦᠬᠦ ᠬᠤᠷᠢᠶ᠎ᠠ ᠶᠢᠨ ᠬᠠᠮᠲᠤᠷᠠᠨ ᠵᠣᠬᠢᠴᠠᠭᠤᠯᠬᠤ ᠠᠷᠭ᠎ᠠ ᠵᠠᠮ ᠢ ᠤᠯᠠᠮ ᠴᠢᠨᠠᠭᠰᠢᠳᠠ ᠦᠷᠭᠡᠳᠬᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠠᠵᠢᠯ ᠤᠨ ᠳᠦᠷᠢᠮᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠦᠯᠦᠭᠡ᠂ ᠣᠶᠢᠷ᠎ᠠ ᠳᠤ ᠮᠠᠨ ᠤ ᠬᠤᠰᠢᠭᠤᠨ ᠤ ᠬᠠᠥᠯᠢ ᠴᠠᠭᠠᠵᠠ ᠶᠢᠨ ᠲᠣᠪᠴᠢᠶ᠎ᠠ ᠪᠣᠯᠣᠨ ᠡᠸᠡᠩᠬᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ︽ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠠᠵᠢᠯ ᠤᠨ ᠬᠠᠷᠢᠯᠴᠠᠬᠤ ᠳᠦᠷᠢᠮ︾ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠳᠠᠭᠤᠯᠪᠠ᠃
     ᠶᠣᠰᠣᠯᠠᠯ ᠳᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠶᠢ ᠵᠢᠯᠣᠭᠤᠳᠬᠤ ᠰᠠᠨᠠᠯ︾ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠠᠷᠭᠤ ᠬᠦᠯᠢᠶᠡᠬᠦ ᠲᠤᠭᠳᠠᠭᠠᠯ︾ ᠤᠨ ᠱᠠᠭᠠᠷᠳᠠᠯᠭ᠎ᠠ ᠶᠣᠰᠣᠭᠠᠷ᠂ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠠᠵᠢᠯ ᠤᠨ ᠬᠠᠷᠢᠯᠴᠠᠬᠤ ᠳᠦᠷᠢᠮ︾ ᠳᠤ ᠭᠠᠷ ᠤᠨ ᠦᠰᠦᠭ ᠵᠢᠷᠤᠪᠠ᠃ ᠡᠨᠡ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠬᠠᠥᠯᠢ ᠪᠠᠷ ᠵᠠᠰᠠᠬᠤ ᠰᠡᠳᠬᠢᠬᠦᠢ ᠪᠠ ᠬᠠᠥᠯᠢ ᠪᠠᠷ ᠵᠠᠰᠠᠬᠤ ᠠᠷᠭ᠎ᠠ ᠬᠡᠯᠪᠡᠷᠢ ᠶᠢ ᠬᠡᠷᠡᠭᠯᠡᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠦᠭᠵᠢᠯᠲᠡ ᠶᠢ ᠠᠬᠢᠭᠤᠯᠬᠤ᠂ ᠵᠦᠷᠢᠴᠡᠯ ᠢ ᠠᠷᠢᠯᠭᠠᠬᠤ᠂ ᠲᠣᠭᠲᠠᠭᠤᠨ ᠢ ᠬᠠᠮᠠᠭᠠᠯᠠᠬᠤ ᠴᠢᠳᠠᠪᠤᠷᠢ ᠶᠢ ᠨᠡᠩ ᠴᠢᠩᠭᠠᠳᠬᠠᠪᠠ᠃
     ᠡᠨᠡᠬᠦ ᠠᠵᠢᠯ ᠢ ᠦᠷᠨᠢᠭᠦᠯᠬᠦ ᠪᠠᠷ ᠳᠠᠮᠵᠢᠨ᠂ ᠬᠤᠰᠢᠭᠤᠨ ᠤ ᠬᠠᠥᠯᠢ ᠴᠠᠭᠠᠵᠠ ᠶᠢᠨ ᠲᠣᠪᠴᠢᠶ᠎ᠠ ᠪᠣᠯᠣᠨ ᠡᠸᠡᠩᠬᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠡᠳᠦᠷ ᠳᠤᠲᠤᠮ ᠤᠨ ᠬᠠᠷᠢᠯᠴᠠᠭ᠎ᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠬᠤ ᠶᠢᠨ ᠬᠠᠮᠲᠤ᠂ ᠬᠡᠷᠡᠭ ᠢ ᠨᠡᠶᠢᠲᠡᠯᠡᠨ ᠮᠡᠳᠡᠭᠦᠯᠬᠦ ᠳᠦᠷᠢᠮ ᠢ ᠪᠠᠶᠢᠭᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠤᠯᠠᠮ ᠲᠣᠳᠣᠷᠬᠠᠶᠢᠯᠠᠵᠤ ᠬᠤᠯᠪᠣᠭᠠᠯᠠᠨ ᠬᠦᠳᠡᠯᠦᠯᠴᠡᠵᠦ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠡᠨᠡᠬᠦ ᠠᠵᠢᠯ ᠢ ᠦᠨᠳᠦᠷ ᠪᠦᠲᠦᠮᠵᠢᠲᠡᠢ ᠶᠠᠪᠤᠭᠳᠠᠭᠤᠯᠬᠤ ᠳᠤ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号