ᠮᠠᠨ ᠤ ᠣᠷᠣᠨ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠳᠠᠭᠠᠭᠠᠴᠢᠯᠠᠯᠲᠠ ᠬᠦᠯᠢᠶᠡᠬᠦ ᠠᠩᠬᠠᠳᠠᠭᠴᠢ ᠡᠯᠧᠺᠲᠷᠣᠨ ᠪᠠᠲᠤᠯᠠᠭ᠎ᠠ ᠶᠢᠨ ᠪᠢᠴᠢᠭ ᠢ ᠭᠠᠷᠭᠠᠪᠠ
ᠨᠡᠶᠢᠲᠡᠯᠡᠭᠰᠡᠨ ᠴᠠᠭ᠄
2022/3/29
     ᠣᠶᠢᠷ᠎ᠠ ᠳᠤ᠂ ᠥᠪᠥᠷ ᠮᠣᠩᠭᠤᠯ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠳᠠᠭᠠᠭᠠᠴᠢᠯᠠᠯᠲᠠ ᠬᠦᠯᠢᠶᠡᠬᠦ ᠠᠩᠬᠠᠳᠠᠭᠴᠢ ᠡᠯᠧᠺᠲᠷᠣᠨ ᠪᠠᠲᠤᠯᠠᠭ᠎ᠠ ᠶᠢᠨ ᠪᠢᠴᠢᠭ ᠢ ᠭᠠᠷᠭᠠᠭᠠᠳ᠂ ᠮᠠᠨ ᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠳᠠᠭᠠᠭᠠᠴᠢᠯᠠᠯᠲᠠ ᠬᠦᠯᠢᠶᠡᠬᠦ ᠳᠤ ᠪᠡᠯᠡᠨ ᠮᠥᠩᠭᠦ ᠪᠠᠷ ᠪᠠᠲᠤᠯᠠᠨ ᠳᠠᠭᠠᠭᠠᠵᠤ ᠪᠠᠶᠢᠭᠰᠠᠨ ᠠᠴᠠ ᠰᠦᠯᠵᠢᠶᠡᠨ ᠳᠡᠭᠡᠷ᠎ᠡ ᠡᠯᠧᠺᠲᠷᠣᠨ ᠪᠠᠲᠤᠯᠠᠭ᠎ᠠ ᠶᠢᠨ ᠪᠢᠴᠢᠭ ᠢᠶᠠᠷ ᠪᠠᠲᠤᠯᠠᠨ ᠳᠠᠭᠠᠭᠠᠬᠤ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠵᠡᠢ᠃      3 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠨᠦᠩ ᠳ᠋ᠡ ᠰᠢᠶᠠ ︵ᠰᠢᠶᠠᠮᠧᠨ︶ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠺᠣᠮᠫᠢᠦ᠋ᠲ᠋ᠧᠷ ᠢᠶᠠᠨ ᠨᠡᠭᠡᠭᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠳᠤ ᠣᠷᠣᠭᠠᠳ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠮᠥᠩᠭᠦᠨ ᠭᠦᠢᠯᠭᠡᠭᠡᠨ ᠤ ᠦᠢᠯᠡᠴᠢᠯᠡᠭᠡ︾ ᠶᠢᠨ ᠵᠠᠭᠪᠤᠷ ᠢ ᠨᠡᠭᠡᠭᠡᠵᠦ᠂ ᠬᠡᠳᠦᠬᠡᠨ ᠮᠢᠨᠦ᠋ᠲ ᠤᠨ ᠳᠣᠲᠣᠷ᠎ᠠ ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠡᠯᠧᠺᠲᠷᠣᠨ ᠪᠠᠲᠤᠯᠠᠭ᠎ᠠ ᠶᠢᠨ ᠪᠢᠴᠢᠭ ᠢ ᠠᠮᠵᠢᠯᠲᠠ ᠲᠠᠢ ᠭᠦᠢᠴᠡᠳᠬᠡᠵᠦ᠂ ᠪᠦᠬᠦ᠋ᠢᠯᠡ ᠶᠠᠪᠤᠴᠠ ᠨᠢ ᠳᠥᠭᠦᠮ ᠳᠥᠲᠡ ᠪᠠᠶᠢᠪᠠ᠃ ︽ᠥᠩᠭᠡᠷᠡᠭᠰᠡᠨ ᠳᠤ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠲᠤᠰᠢᠶᠠᠬᠤ ᠳᠤ ᠪᠡᠯᠡᠨ ᠮᠥᠩᠭᠦ ᠬᠡᠷᠡᠭᠯᠡᠵᠦ ᠪᠠᠶᠢᠯ᠎ᠠ᠂ ᠨᠢᠭᠡ ᠤᠳᠠᠭ᠎ᠠ ᠳᠠᠭᠠᠭᠠᠴᠢᠯᠠᠯᠲᠠ ᠬᠦᠯᠢᠶᠡᠬᠦ ᠳᠤ ᠬᠡᠳᠦᠨ ᠲᠦᠮᠡᠨ ᠲᠥᠭᠦᠷᠢᠭ ᠠᠴᠠ ᠬᠡᠳᠦᠨ ᠠᠷᠪᠠᠨ ᠲᠦᠮᠡᠨ ᠲᠥᠭᠦᠷᠢᠭ ᠬᠡᠷᠡᠭᠰᠡᠨ᠎ᠡ᠃ ᠣᠳᠣ ᠡᠯᠧᠺᠲᠷᠣᠨ ᠪᠠᠲᠤᠯᠠᠭ᠎ᠠ ᠶᠢᠨ ᠪᠢᠴᠢᠭ ᠢᠶᠠᠷ ᠳᠠᠭᠠᠭᠠᠴᠢᠯᠠᠯᠲᠠ ᠬᠦᠯᠢᠶᠡᠬᠦ ᠪᠣᠯᠤᠭᠰᠠᠨ ᠨᠢ ᠠᠵᠤ ᠠᠬᠤᠶᠢᠯᠠᠯ ᠤᠳ ᠤᠨ ᠪᠡᠯᠡᠨ ᠮᠥᠩᠭᠦᠨ ᠤ ᠭᠦᠢᠯᠭᠡᠭᠡ ᠶᠢᠨ ᠳᠠᠷᠤᠯᠲᠠ ᠶᠢ ᠶᠡᠭᠡ ᠪᠠᠷ ᠬᠥᠩᠭᠡᠷᠡᠭᠦᠯᠦᠭᠰᠡᠨ ᠪᠥᠭᠡᠳ ᠨᠠᠭᠠᠰᠢ ᠴᠠᠭᠠᠰᠢ ᠭᠦᠶᠦᠬᠦ ᠴᠢᠬᠤᠯᠠ ᠦᠭᠡᠶ᠂ ᠰᠦᠯᠵᠢᠶᠡᠨ ᠳᠡᠭᠡᠷ᠎ᠡ ᠵᠣᠭᠤᠰ ᠭᠦᠢᠴᠡᠳᠬᠡᠬᠦ ᠳᠤ ᠳᠦᠭᠦᠮ᠂ ᠦᠷ᠎ᠡ ᠪᠦᠲᠦᠮᠵᠢ ᠨᠡᠩ ᠥᠨᠳᠥᠷ᠂ ᠭᠥᠳᠡᠯᠮᠦᠷᠢ ᠬᠦᠴᠦ ᠪᠠ ᠴᠠᠭ ᠲᠤ ᠠᠷᠪᠢᠲᠠᠶ ᠮᠥᠷᠲᠡᠭᠡᠨ ᠮᠥᠩᠭᠦᠨ ᠳᠤ ᠴᠤ ᠭᠠᠮᠲᠠᠢ ᠪᠣᠯᠵᠠᠶ᠃︾ ᠭᠡᠵᠦ ᠺᠣᠮᠫᠠᠨᠢ ᠶᠢᠨ ᠬᠠᠷᠢᠭᠤᠴᠠᠯᠭᠠᠲᠠᠨ ᠡᠯᠧᠺᠲᠷᠣᠨ ᠪᠠᠲᠤᠯᠠᠭ᠎ᠠ ᠶᠢᠨ ᠪᠢᠴᠢᠭ ᠤᠨ ᠦᠢᠯᠡᠳᠦᠯ ᠢ ᠠᠮᠠ ᠬᠠᠮᠬᠢᠯ ᠦᠭᠡᠶ ᠮᠠᠭᠲᠠᠵᠤ ᠪᠠᠶᠢᠯ᠎ᠠ᠃      2022 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠡᠯᠧᠺᠲᠷᠣᠨ ᠪᠠᠲᠤᠯᠠᠭ᠎ᠠ ᠶᠢᠨ ᠪᠢᠴᠢᠭ ᠤᠨ ᠰᠢᠰᠲ᠋ᠧᠮ ᠢ ᠠᠵᠢᠯᠯᠠᠭᠤᠯᠵᠤ᠂ ᠰᠦᠯᠵᠢᠶᠡᠨ ᠳᠡᠭᠡᠷ᠎ᠡ ᠪᠠᠲᠤᠯᠠᠭ᠎ᠠ ᠶᠢᠨ ᠪᠢᠴᠢᠭ ᠭᠠᠷᠭᠠᠬᠤ᠂ ᠪᠠᠲᠤᠯᠠᠨ ᠳᠠᠭᠠᠭᠠᠬᠤ ᠵᠠᠷᠤᠳᠠᠯ ᠲᠤᠰᠢᠶᠠᠬᠤ᠂ ᠪᠠᠲᠤᠯᠠᠭ᠎ᠠ ᠶᠢᠨ ᠪᠢᠴᠢᠭ ᠪᠠᠭᠤᠯᠭᠠᠬᠤ ᠪᠠ ᠰᠦᠯᠵᠢᠶᠡᠨ ᠳᠡᠭᠡᠷ᠎ᠡ ᠲᠥᠯᠥᠪᠦᠷᠢ ᠨᠡᠬᠡᠬᠦ ᠶᠢ ᠪᠡᠶᠡᠯᠡᠭᠦᠯᠦᠭᠡᠳ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠩᠭᠠᠯᠭ᠎ᠠ ᠶᠢᠨ ᠬᠤᠳᠠᠯᠳᠤᠭᠠᠴᠢᠳ ᠪᠠ ᠳᠠᠭᠠᠭᠠᠯᠲᠠ ᠶᠢᠨ ᠪᠠᠶᠢᠭᠤᠯᠤᠮᠵᠢ ᠳᠤ ᠮᠡᠷᠭᠡᠵᠢᠯ ᠤᠨ ᠬᠥᠭᠦᠷᠭᠡ ᠪᠠᠷᠢᠵᠤ ᠥᠭᠴᠦ᠂ ᠡᠯᠧᠺᠲᠷᠣᠨ ᠪᠠᠲᠤᠯᠠᠭ᠎ᠠ ᠶᠢᠨ ᠪᠢᠴᠢᠭ ᠢᠶᠠᠷ ᠳᠠᠭᠠᠭᠠᠴᠢᠯᠠᠯᠲᠠ ᠬᠦᠯᠢᠶᠡᠬᠦ ᠬᠠᠩᠭᠠᠯᠭ᠎ᠠ ᠶᠢᠨ ᠬᠤᠳᠠᠯᠳᠤᠭᠠᠴᠢᠳ ᠤᠨ ᠥᠪᠡᠷ ᠤᠨ ᠥᠷᠲᠡᠭ ᠢ ᠪᠠᠭᠤᠷᠠᠭᠤᠯᠬᠤ᠂ ᠳᠠᠷᠤᠭᠠᠰᠤ ᠶᠢ ᠬᠥᠩᠭᠡᠷᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠴᠢᠳᠠᠮᠵᠢ ᠶᠢ ᠨᠠᠩ ᠰᠠᠶᠢᠨ ᠪᠠᠳᠠᠷᠠᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠤᠯᠠᠮ ᠰᠢᠯᠢᠳᠡᠭᠵᠢᠭᠦᠯᠪᠡ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号