ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠳᠡᠢ
ᠨᠡᠶᠢᠲᠡᠯᠡᠭᠰᠡᠨ ᠴᠠᠭ᠄
2022/3/3
      ᠬᠡᠰᠢᠬᠦᠨ ᠳᠠᠰᠢᠵᠠᠮᠰᠤ᠄      ᠤᠯᠤᠰ ᠲᠦᠷᠦ ᠶᠢᠨ ᠵᠦᠪᠯᠡᠯᠬᠡᠨ ᠤ ᠬᠦᠯᠦᠨ ᠪᠤᠶᠢᠷ ᠬᠤᠳᠠ ᠶᠢᠨ ᠳᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ 2 ᠰᠠᠷ᠎ᠠ ᠶᠢᠨ 24 ᠤ ᠡᠳᠦᠷ ᠬᠤᠷᠠᠯᠳᠤᠵᠦ ᠡᠬᠢᠯᠡᠬᠡᠳ 2 ᠰᠠᠷ᠎ᠠ ᠶᠢᠨ 27 ᠤ ᠡᠳᠦᠷ ᠠᠮᠵᠢᠯᠳᠠ ᠲᠠᠢ ᠳᠡᠬᠦᠰᠪᠡ᠃ ᠰᠤᠷᠪᠤᠯᠵᠢᠯᠠᠭᠴᠢ᠂ ᠳᠤᠰ ᠤᠳᠠᠭᠠᠨ ᠤ ᠬᠤᠷᠠᠯ ᠳᠤ ᠪᠤᠳᠠᠳᠠᠢ ᠤᠷᠤᠯᠴᠠᠭᠰᠠᠨ 292 ᠬᠡᠰᠢᠬᠦᠨ ᠤ ᠨᠢᠬᠡᠨ ᠪᠤᠯᠬᠤ᠂ ᠮᠦᠨ ᠴᠤ ᠰᠢᠨ᠎ᠠ ᠪᠠᠷᠭᠤ ᠪᠠᠷᠠᠭᠤᠨ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠳᠤᠭᠤᠢᠢᠯᠠᠩ ᠤᠨ ᠱᠦᠵᠢ᠂ ᠳᠠᠷᠢᠬᠦᠯᠡᠭᠴᠢ ᠳᠠᠰᠢᠵᠠᠮᠰᠤ ᠭᠤᠸᠠᠢ ᠶᠢ ᠰᠤᠷᠪᠤᠯᠵᠢᠯᠠᠵᠦ᠂ ᠳᠡᠬᠦᠨ ᠤ ︽ᠬᠤᠶᠠᠷ ᠬᠤᠷᠠᠯ︾ ᠳᠤ ᠳᠡᠪᠰᠢᠬᠦᠯᠦᠭᠰᠡᠨ ᠰᠠᠨᠠᠯ ᠳᠤᠷᠠᠳᠤᠯᠭ᠎ᠠ ᠶᠢ ᠨᠢ ᠤᠩᠰᠢᠭᠴᠢ ᠤᠯᠠᠨ ᠳᠠᠭᠠᠨ ᠬᠦᠷᠬᠡᠵᠦ ᠪᠠᠶᠢᠨᠠᠮ︕      ᠰᠠᠷᠠᠭᠤᠯ ᠠᠭᠤᠳᠠᠮ ᠬᠥᠯᠥᠨ ᠪᠤᠶᠢᠷ ᠪᠤᠯ ᠳᠡᠯᠡᠬᠡᠢ ᠶᠢᠨ ᠲᠦᠷᠪᠡᠨ ᠶᠡᠭᠡ ᠲᠠᠯ᠎ᠠ ᠨᠤᠲᠤᠭ ᠤᠨ ᠨᠢᠭᠡ᠃ 8 ᠲᠦᠮᠡᠨ ᠲᠡᠭᠰᠢ ᠳᠥᠷᠪᠡᠯᠵᠢᠨ ᠺᠢᠯᠤᠮᠧᠲᠷ ᠤᠨ ᠰᠢᠯᠢᠳᠡᠭ ᠰᠠᠶᠢᠨ ᠪᠠᠶᠢᠭᠠᠯᠢ ᠶᠢᠨ ᠪᠡᠯᠴᠢᠭᠡᠷ ᠲᠠᠢ᠂ ᠮᠠᠨ ᠤ ᠤᠯᠤᠰ ᠤᠨ ᠨᠤᠲᠤᠭ ᠪᠡᠯᠴᠢᠭᠡᠷ ᠢᠶᠠᠨ ᠬᠠᠮᠤᠭ ᠤᠨ ᠪᠦᠷᠢᠨ ᠪᠦᠲᠦᠨ ᠢᠶᠠᠷ ᠬᠠᠮᠠᠭᠠᠯᠠᠵᠤ ᠪᠠᠶᠢᠭ᠎ᠠ ᠭᠠᠵᠠᠷ ᠤᠷᠤᠨ ᠪᠦᠬᠡᠳ ᠢᠯᠠᠩᠭᠤᠶ᠎ᠠ ᠮᠠᠯ ᠠᠵᠤ ᠠᠬᠤᠶ ᠨᠢ ᠮᠠᠨ ᠤ ᠬᠤᠲᠠ ᠶᠢᠨ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠪᠤᠯᠤᠭᠰᠠᠭᠠᠷ ᠢᠷᠡᠭᠰᠡᠨ ᠶᠤᠮ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠪᠠᠷ ᠥᠷᠨᠢᠬᠦ ᠪᠠ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠲᠠᠰᠤᠷᠠᠯᠲᠠ ᠥᠬᠡᠶ ᠠᠭᠢᠯᠳᠠ ᠶᠢ ᠳᠠᠭᠠᠯᠳᠤᠨ᠂ ᠮᠠᠯᠵᠢᠬᠤ ᠣᠷᠣᠨ ᠤ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠷᠢᠮ ᠠᠰᠠᠭᠤᠳᠠᠯ ᠴᠤ ᠢᠳᠡᠭ ᠢᠳᠡᠭ ᠢᠶᠠᠷ ᠢᠯᠡᠷᠡᠪᠡ᠃ ᠡᠬᠦᠨ ᠳᠤ ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ ᠬᠠᠤᠯᠢ ᠶᠢ ᠬᠡᠷᠡᠭᠵᠢᠭᠦᠯᠬᠦ ᠳᠤ ᠬᠦᠴᠢᠷᠲᠡᠶ ᠪᠠᠶᠢᠬᠤ᠂ ᠬᠢᠵᠢᠭ ᠡᠪᠡᠳᠴᠢᠨ ᠢ ᠣᠨᠣᠰᠢᠯᠠᠨ ᠡᠮᠨᠡᠬᠦ ᠲᠠᠯ᠎ᠠ ᠪᠠᠷ ᠬᠦᠷᠦᠯᠴᠡᠬᠦ ᠥᠬᠡᠶ ᠪᠠᠶᠢᠬᠤ ᠵᠢᠴᠢ ᠮᠠᠯ ᠤᠨ ᠬᠢᠵᠢᠭ ᠡᠪᠡᠳᠴᠢᠨ ᠤ ᠣᠨᠣᠰᠢᠯᠠᠨ ᠡᠮᠴᠢᠯᠡᠯᠳᠡ ᠪᠠᠷᠤᠭᠳᠠᠢ ᠵᠡᠷᠭᠡ ᠠᠰᠠᠭᠤᠳᠠᠯ ᠨᠢ ᠮᠠᠯᠴᠢᠳ ᠤᠨ ᠦᠢᠯᠡᠳᠪᠦᠷᠢᠯᠡᠯ ᠤᠨ ᠥᠪᠡᠷ ᠤᠨ ᠥᠷᠲᠡᠭ ᠤᠨ ᠪᠠᠭᠤᠷᠠᠯᠳᠠ ᠪᠠ ᠮᠠᠯ ᠤᠨ ᠬᠢᠵᠢᠭ ᠡᠪᠡᠳᠴᠢᠨ ᠬᠠᠯᠳᠠᠪᠤᠷᠢᠯᠠᠨ ᠳᠡᠯᠭᠡᠷᠡᠬᠦ ᠠᠶᠤᠯ ᠲᠦᠭᠰᠢᠭᠦᠷᠢ ᠶᠢ ᠨᠡᠮᠡᠭᠳᠡᠭᠦᠯᠦᠭᠰᠡᠨ ᠪᠦᠬᠡᠳ ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ ᠰᠢᠰᠲ᠋ᠧᠮ ᠢ ᠰᠢᠯᠢᠳᠡᠭᠵᠢᠭᠦᠯᠬᠦ ᠠᠰᠠᠭᠤᠳᠠᠯ ᠨᠢ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠨᠢᠭᠡᠨ ᠳᠤᠲᠠᠭᠤᠳᠠᠯ ᠪᠣᠯᠵᠦ ᠪᠤᠢ ᠶᠢ ᠰᠡᠷᠡᠭᠰᠡᠨ ᠬᠡᠰᠢᠬᠦᠨ ᠳᠠᠰᠢᠵᠠᠮᠰᠤ᠄ ︽ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠠᠴᠠ ᠤᠷᠤᠰᠢᠵᠦ ᠪᠤᠢ ᠠᠰᠠᠭᠤᠳᠠᠯ ᠲᠠᠢ ᠤᠶᠠᠯᠳᠤᠭᠤᠯᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠶᠤᠮ᠃ ᠰᠢᠨ᠎ᠡ ᠪᠠᠷᠭᠤ ᠪᠠᠷᠠᠭᠤᠨ ᠬᠤᠰᠢᠭᠤᠨ ᠤ ᠮᠠᠯ ᠠᠵᠤ ᠠᠬᠤᠢ ᠨᠢ ᠪᠦᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠴᠢᠬᠤᠯᠠ ᠪᠠᠶᠢᠷᠢ ᠶᠢ ᠡᠵᠡᠯᠡᠵᠦ ᠪᠠᠶᠢᠳᠠᠭ᠃ ᠰᠢᠨ᠎ᠡ ᠪᠠᠷᠭᠤ ᠪᠠᠷᠠᠭᠤᠨ ᠬᠤᠰᠢᠭᠤ ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠤᠨ ᠥᠭᠡᠷᠡᠴᠢᠯᠡᠯᠲᠡ ᠶᠢ ᠬᠦᠴᠦᠯᠡᠨ ᠠᠬᠢᠭᠤᠯᠬᠤ ᠪᠠᠷ ᠬᠤᠰᠢᠭᠤᠨ ᠤ ᠪᠠᠨ ᠲᠠᠷᠢᠶᠠᠯᠠᠩ ᠮᠠᠯ ᠠᠵᠤ ᠠᠬᠤᠶ ᠶᠢᠨ ᠳᠤᠪᠴᠢᠶ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠠᠭᠠᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ ᠲᠥᠪ ᠪᠠ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢ ᠪᠠᠶᠢᠭᠤᠯᠤᠭᠰᠠᠨ ᠪᠦᠬᠡᠳ ᠰᠤᠮᠤ ᠪᠠᠯᠭᠠᠰᠤᠨ ᠳᠠᠭᠠᠨ ᠮᠡᠷᠭᠡᠵᠢᠯ ᠳᠡᠯᠭᠡᠷᠡᠭᠦᠯᠬᠦ ᠲᠥᠪ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠪᠠᠶᠢᠭᠤᠯᠤᠭᠰᠠᠨ ᠶᠤᠮ᠃ ᠣᠳᠣᠬᠠᠨ ᠳᠤ᠂ ᠪᠥᠬᠦ ᠬᠤᠰᠢᠭᠤᠨ ᠳᠤ ᠮᠡᠷᠬᠡᠵᠢᠯ ᠳᠡᠯᠭᠡᠷᠡᠭᠦᠯᠬᠦ 7 ᠲᠥᠪ᠂ ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ 11 ᠴᠡᠭ ᠲᠠᠢ᠂ ᠰᠤᠮᠤ ᠪᠠᠯᠭᠠᠰᠤᠨ ᠳᠤ ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ 139 ᠲᠦᠷ ᠴᠠᠭ ᠤᠨ ᠠᠵᠢᠯᠲᠠᠨ ᠲᠠᠢ᠂ 88 ᠮᠠᠯ ᠤᠨ ᠡᠮᠴᠢ ᠲᠠᠢ᠃ ᠮᠠᠨ ᠤ ᠬᠤᠰᠢᠭᠤᠨ ᠤ 5000 ᠭᠠᠷᠤᠶ ᠡᠷᠦᠬᠡ 186.96 ᠲᠦᠮᠡᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠢ ᠭᠤᠤᠯ ᠡᠭᠦᠷᠭᠡᠯᠡᠵᠦ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠦᠷᠭᠦᠯᠵᠢᠯᠡᠨ ᠠᠮᠤᠷ ᠲᠦᠪᠰᠢᠨ᠂ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠭᠤᠤᠯ ᠬᠦᠴᠦᠨ ᠪᠤᠯᠵᠤ ᠪᠠᠶᠢᠨ᠎ᠠ︾ ᠭᠡᠪᠡ᠃      ᠬᠡᠪᠡᠴᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯ ᠤᠨ ᠬᠢᠵᠢᠭ ᠡᠪᠡᠳᠴᠢᠨ ᠢ ᠰᠡᠷᠬᠡᠶᠢᠯᠡᠬᠦ ᠰᠢᠰᠲ᠋ᠧᠮ ᠢ ᠪᠠᠶᠢᠭᠤᠯᠬᠤ ᠳᠤ ᠪᠠᠰᠠ ᠤᠯᠠᠨ ᠬᠦᠴᠢᠷᠳᠠᠢ ᠳᠠᠯ᠎ᠠ ᠤᠷᠤᠰᠢᠵᠦ ᠪᠤᠢ ᠨᠢ ᠮᠡᠳᠡᠬᠡᠵᠢ ᠳᠤᠯᠠ ᠬᠡᠰᠢᠬᠦᠨ ᠳᠠᠰᠢᠵᠠᠮᠰᠤ᠄ ︽ᠪᠢᠳᠠ ᠤᠳᠤ ᠭᠤᠤᠯᠳᠠᠭᠤ ᠰᠤᠮᠤ ᠪᠠᠯᠭᠠᠰᠤ ᠶᠢᠨ ᠮᠠᠯ ᠤᠨ ᠬᠢᠵᠢᠭ ᠡᠪᠡᠳᠴᠢᠨ ᠢ ᠰᠡᠷᠬᠡᠶᠢᠯᠡᠬᠦ ᠬᠠᠤᠯᠢ ᠶᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠵᠣᠬᠢᠴᠠᠭᠤᠯᠵᠦ ᠨᠠᠶᠢᠳᠠᠬᠤ ᠴᠢᠬᠤᠯᠠ ᠲᠠᠢ ᠪᠠᠶᠢᠨ᠎ᠠ᠃ ᠡᠬᠦᠨ ᠳᠤ ᠪᠢᠳᠠ ᠳᠡᠬᠡᠷ᠎ᠡ ᠱᠠᠳᠤᠨ ᠤ ᠳᠡᠮᠵᠢᠯᠬᠡ ᠶᠢ ᠬᠦᠰᠡᠨᠡᠮ᠃ ᠤᠴᠢᠷ ᠨᠢ ᠬᠠᠤᠯᠢ ᠶᠢ ᠬᠡᠷᠡᠭᠵᠢᠬᠦᠯᠬᠦ ᠳᠤ ᠮᠠᠰᠢ ᠤᠯᠠᠨ ᠪᠠᠶᠢᠭᠤᠯᠤᠮᠵᠢ ᠬᠤᠯᠪᠤᠭᠳᠠᠬᠤ ᠪᠤᠯᠤᠨ᠎ᠠ᠃ ᠳᠠᠬᠢᠪᠠᠯ᠂ ᠮᠠᠯ ᠤᠨ ᠬᠢᠵᠢᠭ ᠡᠪᠡᠳᠴᠢᠨ ᠢ ᠣᠨᠣᠰᠢᠯᠠᠨ ᠡᠮᠨᠡᠬᠦ ᠨᠡᠶᠢᠭᠡᠮᠴᠢᠯᠡᠭᠰᠡᠨ ᠦᠢᠯᠡᠴᠢᠯᠡᠭᠡ ᠶᠢ ᠪᠠᠶᠢᠭᠤᠯᠤᠨ᠎ᠠ᠃ ᠪᠢᠳᠠ ᠨᠡᠶᠢᠭᠡᠮᠴᠢᠯᠡᠭᠰᠡᠨ ᠮᠠᠯ ᠡᠮᠨᠡᠯᠭᠡ ᠶᠢᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠣᠳᠣ ᠶᠢᠨ ᠪᠠᠶᠢᠭ᠎ᠠ ᠮᠠᠯ ᠡᠮᠨᠡᠯᠭᠡ ᠶᠢᠨ ᠴᠢᠳᠠᠪᠤᠷᠢᠲᠠᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠳᠤᠰᠬᠠᠢ ᠮᠡᠷᠭᠡᠵᠢᠯ ᠤᠨ ᠮᠠᠯ ᠡᠮᠨᠡᠯᠭᠡ ᠶᠢᠨ ᠡᠩᠨᠡᠭᠡ ᠶᠢ ᠬᠥᠮᠦᠵᠢᠭᠦᠯᠬᠦ ᠶᠢ ᠴᠢᠩᠭᠠᠳᠬᠠᠬᠤ ᠬᠡᠷᠡᠭᠲᠡᠶ᠃ ᠰᠤᠮᠤ ᠪᠠᠯᠭᠠᠰᠤ᠂ ᠭᠠᠴᠠᠭ᠎ᠠ ᠨᠢ ᠰᠢᠨ᠎ᠡ ᠬᠡᠯᠪᠡᠷᠢ ᠶᠢᠨ ᠮᠠᠯ ᠤᠨ ᠬᠢᠵᠢᠭ ᠡᠪᠡᠳᠴᠢᠨ ᠢ ᠣᠨᠣᠰᠢᠯᠠᠨ ᠡᠮᠨᠡᠬᠦ ᠦᠷᠳᠡᠭᠡ ᠶᠢ ᠪᠠᠶᠢᠭᠤᠯᠵᠤ᠂ ᠥᠪᠡᠷ ᠢ ᠪᠠᠨ ᠱᠠᠭᠠᠷᠳᠠᠬᠤ ᠶᠢ ᠴᠢᠩᠭᠠᠳᠬᠠᠨ᠂ ᠠᠵᠢᠯ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠮᠠᠯᠴᠢᠳ ᠤᠨ ᠳᠠᠷᠤᠭᠠᠰᠤ ᠶᠢ ᠬᠥᠩᠭᠡᠷᠡᠭᠦᠯᠦᠨ᠎ᠡ᠃ ᠨᠡᠶᠢᠭᠡᠮ ᠤᠨ ᠦᠯᠦ ᠬᠠᠯᠳᠠᠭᠠᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠤᠨ ᠬᠥᠭᠵᠢᠭᠦᠯᠦᠨ᠎ᠡ᠃ ᠡᠬᠦᠨ ᠳᠤ ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠭᠤᠷᠪᠠᠨ ᠳᠡᠰ ᠤᠨ ︵ᠲᠣᠭᠤᠷᠢᠭ᠂ ᠬᠤᠲᠠ᠂ ᠬᠤᠰᠢᠭᠤ︶ ᠠᠯᠪᠠᠳᠠᠯᠭ᠎ᠠ ᠶᠢᠨ ᠴᠢᠨᠠᠷᠳᠠᠢ ᠥᠯᠥ ᠬᠠᠯᠳᠠᠭᠠᠯᠲᠠ ᠶᠢᠨ ᠨᠥᠬᠦᠪᠥᠷᠢ ᠶᠢ ᠪᠦᠲᠦᠮᠵᠢᠲᠡᠶ ᠠᠰᠢᠭᠯᠠᠨ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠷᠢ ᠬᠡᠮ ᠲᠠᠢ᠂ ᠪᠣᠳᠠᠲᠤ ᠬᠦᠴᠦᠨ ᠲᠠᠢ ᠲᠣᠮᠣ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠤᠬᠠᠶ ᠶᠢᠨ ᠭᠠᠵᠠᠷ ᠤᠨ ᠮᠠᠯ ᠤᠨ ︿ᠬᠢᠵᠢᠭ ᠢ ᠰᠡᠷᠭᠡᠶᠢᠯᠡᠬᠦ + ᠣᠨᠣᠰᠢᠯᠠᠨ ᠡᠮᠨᠡᠬᠦ﹀ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠬᠡᠨ ᠤ ᠵᠠᠭᠪᠤᠷ ᠢ ᠠᠵᠢᠯᠯᠠᠭᠤᠯᠵᠤ᠂ ᠰᠤᠮᠤ ᠰᠢᠶᠠᠩ ᠪᠠᠯᠭᠠᠰᠤ ᠪᠣᠯᠤᠨ ᠨᠥᠬᠦᠴᠡᠯ ᠲᠠᠢ ᠭᠠᠴᠠᠭ᠎ᠠ ᠳᠤ ᠬᠤᠪᠢᠶᠠᠷᠢ ᠥᠷᠲᠡᠭᠡ ᠪᠠᠶᠢᠭᠤᠯᠤᠨ᠂ ᠨᠥᠬᠦᠴᠡᠯ ᠪᠦᠷᠢᠯᠳᠦᠭᠦᠯᠵᠦ ᠪᠠᠶᠢᠭᠠᠳ ᠳᠤᠬᠠᠢ ᠶᠢᠨ ᠭᠠᠵᠠᠷ ᠤᠨ ᠬᠢᠵᠢᠭ ᠢ ᠰᠡᠷᠭᠡᠶᠢᠯᠡᠭᠴᠢ ᠶᠢ ᠤᠷᠢᠨ ᠠᠪᠴᠢᠷᠠᠵᠦ ᠮᠠᠯᠴᠢᠳ ᠲᠤ ᠲᠥᠬᠦᠮ ᠦᠵᠡᠭᠦᠯᠦᠨ᠎ᠠ᠃ ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ ᠡᠳ᠋ ᠪᠠᠷᠠᠭ᠎ᠠ ᠶᠢ ᠨᠥᠭᠡᠴᠡᠯᠡᠬᠦ ᠠᠵᠢᠯ ᠢ ᠰᠠᠶᠢᠲᠤᠷ ᠬᠢᠨ᠎ᠠ᠃ ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ ᠡᠳ᠋ ᠪᠣᠳᠠᠰ ᠤᠨ ᠡᠳ᠋ ᠤᠨ ᠵᠠᠰᠠᠭ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠴᠠ ᠮᠠᠯ ᠤᠨ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠳᠤ ᠬᠡᠷᠡᠭᠰᠡᠬᠦ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠬᠡᠷᠡᠭᠲᠡᠢ᠃ ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ ᠡᠳ᠋ ᠪᠣᠳᠠᠰ ᠤᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠦᠨᠳᠦᠰᠦᠨ ᠱᠠᠲᠤᠨ ᠤ ᠡᠩᠨᠡᠭᠡ ᠶᠢᠨ ᠪᠣᠯᠪᠠᠰᠤᠷᠠᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ ᠬᠤᠯᠪᠣᠭᠳᠠᠯ ᠪᠦᠬᠦᠢ ᠵᠠᠷᠤᠳᠠᠯ ᠢ ᠬᠠᠤᠯᠢ ᠶᠣᠰᠣᠭᠠᠷ ᠪᠠᠲᠤᠯᠠᠵᠤ᠂ ᠠᠵᠢᠯᠯᠠᠭ᠎ᠠ ᠶᠢ ᠬᠠᠮᠠᠭᠠᠯᠠᠬᠤ ᠵᠠᠷᠤᠳᠠᠯ ᠳᠤ ᠪᠦᠬᠦ ᠲᠣᠭᠠᠨ ᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠮᠠᠯ ᠤᠨ ᠬᠢᠵᠢᠭ ᠡᠪᠡᠳᠴᠢᠨ ᠢ ᠬᠢᠨᠠᠨ ᠬᠡᠮᠵᠢᠬᠦ᠂ ᠰᠡᠷᠭᠡᠶᠢᠯᠡᠬᠦ᠂ ᠪᠠᠶᠢᠴᠠᠭᠠᠬᠤ᠂ ᠬᠢᠨᠠᠯᠲᠠ ᠲᠠᠯᠪᠢᠬᠤ᠂ ᠣᠨᠣᠰᠢᠯᠠᠬᠤ᠂ ᠬᠢᠵᠢᠭᠲᠦ ᠣᠷᠣᠨ ᠢ ᠪᠢᠲᠡᠭᠦᠮᠵᠢᠯᠡᠬᠦ᠂ ᠠᠷᠢᠭᠤᠳᠬᠠᠬᠤ᠂ ᠠᠯᠠᠵᠤ ᠨᠢᠲᠤᠯᠬᠤ᠂ ᠬᠤᠣᠷ ᠥᠬᠡᠶᠢᠳᠡᠭᠦᠯᠦᠨ ᠰᠢᠢᠳᠪᠦᠷᠢᠯᠡᠬᠦ ᠵᠢᠴᠢ ᠮᠠᠯ ᠤᠨ ᠡᠮ ᠤᠨ ᠶᠠᠰᠤ ᠴᠢᠨᠠᠷ ᠪᠣᠯᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠵᠡᠷᠭᠡ ᠵᠠᠷᠤᠳᠠᠯ ᠤᠨ ᠬᠡᠷᠡᠭᠴᠡᠭᠡ ᠶᠢ ᠪᠠᠲᠤᠯᠠᠬᠤ ᠬᠡᠷᠡᠭᠲᠡᠶ ᠵᠡᠷᠬᠡ ᠨᠢ ᠪᠢᠳᠠᠨ ᠤ ᠮᠦᠷᠦᠨ ᠳᠤ ᠳᠤᠯᠭᠠᠷᠠᠵᠦ ᠪᠠᠶᠢᠭ᠎ᠠ ᠠᠵᠢᠯ ᠪᠤᠯᠤᠨ᠎ᠠ︾ ᠭᠡᠪᠡ᠃      ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠪᠥᠬᠦ ᠬᠤᠲᠠ ᠳᠤ ᠠᠪᠴᠤ ᠬᠡᠯᠡᠪᠡᠯ᠂ ᠡᠨᠡ ᠬᠦ ᠠᠵᠢᠯ ᠨᠢ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ᠂ ᠮᠠᠯᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠬᠤ ᠵᠠᠩᠭᠢᠯᠠᠭ᠎ᠠ ᠪᠠ ᠰᠠᠭᠤᠷᠢ ᠪᠣᠯᠤᠨ᠎ᠠ᠃ ᠡᠨᠡ ᠳᠠᠯ᠎ᠠ ᠶᠢᠨ ᠠᠵᠢᠯ ᠢ ᠰᠢᠨ᠎ᠠ ᠪᠠᠷᠭᠤ ᠪᠠᠷᠠᠭᠤᠨ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠭᠡ ᠲᠠᠯ᠎ᠠ ᠶᠢ ᠬᠠᠷᠠᠭᠠᠯᠵᠠᠬᠤ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠠᠵᠢᠯ ᠤᠨ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ᠪᠠᠭᠤᠷᠠᠶ ᠭᠤᠭᠴᠤᠭ᠎ᠠ ᠶᠢ ᠣᠨᠣᠪᠴᠢᠲᠠᠶ ᠡᠷᠢᠵᠦ᠂ ᠨᠠᠷᠢᠨ ᠬᠢᠨᠠᠮᠠᠭᠠᠶ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠵᠦ ᠪᠠᠶᠢᠭ᠎ᠠ ᠪᠢᠯᠡ᠃ ᠮᠦᠨ ᠴᠤ ᠬᠥᠯᠥᠨ ᠪᠤᠶᠢᠷ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ ᠨᠡᠶᠢᠭᠡᠮ ᠤᠨ ᠪᠥᠬᠦ ᠲᠠᠯ᠎ᠠ ᠶᠢᠨ ᠳᠠᠪᠰᠢᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠬᠦ ᠪᠤᠯᠤᠨ᠎ᠠ ᠬᠡᠵᠦ ᠰᠢᠨ᠎ᠠ ᠪᠠᠷᠭᠤ ᠪᠠᠷᠠᠭᠤᠨ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠳᠤᠭᠤᠢᠢᠯᠠᠩ ᠤᠨ ᠱᠦᠵᠢ᠂ ᠲᠡᠷᠢᠬᠦᠯᠡᠭᠴᠢ ᠳᠠᠰᠢᠵᠠᠮᠰᠤ ᠭᠤᠸᠠᠢ ᠤᠴᠢᠷᠯᠠᠵᠦ ᠪᠠᠶᠢᠯ᠎ᠠ᠃                                              ᠰᠤᠷᠪᠤᠯᠵᠢᠯᠠᠭᠴᠢ ᠨᠠᠰᠤᠨᠴᠡᠴᠡᠭ
 
ᠢᠷᠡᠯᠲᠡ᠄ ᠬᠦᠯᠦᠨ ᠪᠣᠶᠢᠷ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号