| | ᠭᠡᠰᠢᠬᠦᠨ ᠭᠠᠸᠠᠳᠤᠨᠳᠤᠭ᠄ | ᠮᠠᠯᠵᠢᠬᠤ ᠣᠷᠣᠨ ᠤ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠪᠣᠯ ᠶᠡᠷᠦᠩᠬᠡᠢ ᠱᠦᠵᠢ ᠰᠢ ᠶᠢᠨ | ᠫᠢᠩ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠭᠰᠠᠨ ᠮᠠᠷᠺᠰ ᠤᠨ ᠦᠵᠡᠯ ᠤᠨ ᠭᠦᠨ ᠤᠬᠠᠭᠠᠨ ᠤ ᠦᠢᠯᠡᠳᠦᠯᠭᠡ ᠶᠢᠨ ᠦᠵᠡᠯᠲᠡ ᠶᠢᠨ ᠮᠠᠯᠵᠢᠬᠤ | ᠣᠷᠣᠨ ᠳᠠᠬᠢ ᠪᠣᠳᠠᠲᠠᠶ ᠬᠡᠷᠡᠭᠯᠡᠯᠲᠡ ᠪᠣᠯᠤᠨ᠎ᠠ᠂ ᠮᠥᠨ ᠴᠦ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠ ᠪᠣᠳᠠᠲᠠᠶ ᠦᠢᠯᠡᠳᠦᠯᠭᠡ ᠶᠢᠨ ᠨᠢᠬᠡ ᠪᠤᠯᠬᠤ ᠳᠤᠯᠠ ᠡᠨᠡ | ᠳᠠᠯ᠎ᠠ ᠶᠢ ᠪᠠᠷᠢᠮᠳᠠᠯᠠᠨ ᠮᠠᠯᠵᠢᠬᠤ ᠤᠷᠤᠨ ᠤ ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠶᠢ ᠤᠯᠠᠮ | ᠪᠠᠳᠠᠷᠠᠭᠤᠯᠤᠨ᠂ ᠳᠡᠬᠦᠨ ᠲᠠᠢ ᠪᠠᠨ ᠤᠶᠠᠯᠳᠤᠭᠤᠯᠤᠭᠠᠳ ᠮᠠᠯᠵᠢᠬᠤ ᠤᠷᠤᠨ ᠤ ᠦᠢᠯᠡᠴᠢᠯᠡᠬᠡᠨ ᠤ ᠰᠢᠰᠲ᠋ᠧᠮ ᠢ | ᠳᠡᠬᠦᠯᠳᠡᠷᠵᠢᠬᠦᠯᠬᠦ ᠨᠢ ᠮᠠᠯᠴᠢᠳ ᠲᠤ ᠮᠠᠰᠢ ᠠᠰᠢᠭᠳᠠᠢ ᠶᠤᠮ᠃ | ᠡᠨᠡ ᠳᠠᠯ᠎ᠠ ᠪᠠᠷ ᠦᠪᠡᠷ ᠤᠨ ᠪᠤᠳᠤᠯ ᠲᠠᠢ ᠶᠠᠪᠤᠭ᠎ᠠ ᠰᠢᠨ᠎ᠠ ᠪᠠᠷᠭᠤ ᠪᠠᠷᠠᠭᠤᠨ ᠬᠤᠰᠢᠭᠤᠨ ᠤ ᠬᠡᠷᠦᠯᠦᠨ | ᠰᠤᠮᠤ ᠶᠢᠨ ᠴᠡᠴᠡᠭᠯᠡᠯ ᠭᠠᠴᠠᠭᠠᠨ ᠤ ᠮᠠᠯᠴᠢᠨ ᠭᠠᠸᠠᠳᠤᠨᠳᠤᠭ ᠪᠤᠯ ᠳᠤᠰ ᠬᠤᠭᠤᠴᠠᠭᠠᠨ ᠤ ᠤᠯᠤᠰ ᠲᠦᠷᠦ ᠶᠢᠨ | ᠵᠦᠪᠯᠡᠯᠬᠡᠨ ᠤ ᠬᠦᠯᠦᠨ ᠪᠤᠶᠢᠷ ᠬᠤᠳᠠ ᠶᠢᠨ ᠬᠤᠷᠢᠶ᠎ᠠ ᠶᠢᠨ ᠬᠡᠰᠢᠬᠦᠨ᠃ | ︽ᠮᠠᠯᠵᠢᠬᠤ ᠤᠷᠤᠨ ᠤ ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠬᠡᠳᠡᠭ ᠨᠢ ᠭᠠᠭᠴᠠ ᠰᠠᠭᠤᠷᠢ | ᠳᠤᠨᠤᠭ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠪᠢᠰᠢ᠃ ᠲᠡᠬᠦᠨ ᠳᠤ ᠤᠯᠠᠨ ᠵᠦᠢᠯ ᠬᠠᠮᠤᠷᠤᠭᠳᠠᠨ᠎ᠠ᠃ | ᠵᠢᠱᠢᠶᠠᠯᠠᠬᠦ ᠳᠤ᠂ ᠲᠤᠰᠬᠠᠶ ᠬᠤᠷᠰᠢᠶᠠᠵᠢᠯ ᠨᠢ ᠮᠠᠯᠵᠢᠬᠤ ᠣᠷᠣᠨ ᠤ ᠤᠳᠤᠬᠢᠴᠢᠯᠠᠯᠳᠠ ᠶᠢᠨ ᠪᠦᠳᠦᠬᠡᠨ | ᠪᠠᠶᠢᠭᠤᠯᠤᠯᠳᠠ ᠶᠢᠨ ᠨᠢᠬᠡ ᠵᠦᠢᠯ ᠮᠦᠨ᠃ ᠮᠠᠯᠵᠢᠬᠤ ᠤᠷᠤᠨ ᠤ ᠳᠤᠰᠬᠠᠢ ᠬᠤᠷᠰᠢᠶᠠᠵᠢᠯ ᠨᠢ ᠮᠠᠯ ᠠᠵᠤ ᠠᠬᠤᠶ ᠶᠢᠨ | ᠬᠥᠭᠵᠢᠯᠲᠡ ᠶᠢᠨ ᠨᠥᠭᠡᠴᠡ ᠬᠦᠴᠦᠨ ᠢ ᠨᠡᠮᠡᠭᠳᠡᠭᠦᠯᠬᠦ᠂ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ | ᠠᠬᠢᠴᠠ ᠶᠢ ᠠᠬᠢᠭᠤᠯᠬᠤ᠂ ᠵᠢᠵᠢᠭ ᠦᠢᠯᠡᠳᠪᠦᠷᠢᠯᠡᠯ ᠢ ᠠᠬᠢᠭᠤᠯᠬᠤ ᠬᠢᠭᠡᠳ ᠲᠣᠮᠣ ᠵᠠᠬ᠎ᠠ ᠳᠡᠯᠭᠡᠭᠦᠷ ᠢ ᠵᠣᠯᠭᠠᠭᠤᠯᠬᠤ᠂ | ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠢᠳᠡᠪᠬᠢᠲᠡᠶ ᠦᠢᠯᠡᠳᠦᠯ ᠦᠵᠡᠬᠦᠯᠵᠦ ᠪᠠᠶᠢᠳᠠᠭ᠃ | ᠭᠡᠪᠡᠴᠦ ᠣᠳᠣᠬᠠᠨ ᠤ ᠪᠦᠬᠦᠯᠢ ᠴᠣᠭᠴᠠ ᠶᠢᠨ ᠬᠥᠭᠵᠢᠯᠲᠡ ᠶᠢᠨ ᠬᠢᠷᠢ ᠬᠡᠮᠵᠢᠶ᠎ᠡ ᠠᠴᠠ ᠠᠪᠴᠤ ᠦᠵᠡᠪᠡᠯ᠂ | ᠬᠤᠷᠰᠢᠶᠠᠵᠢᠯ ᠤᠨ ᠲᠤᠰᠬᠠᠶᠢᠵᠢᠭᠰᠠᠨ ᠬᠢᠷᠢ ᠬᠡᠮᠵᠢᠶ᠎ᠡ ᠪᠠᠰᠠ ᠨᠡᠯᠢᠶᠡᠳ ᠳᠤᠤᠷ᠎ᠠ᠂ ᠬᠥᠭᠵᠢᠯᠲᠡ ᠶᠢᠨ ᠶᠠᠰᠤ ᠴᠢᠨᠠᠷ | ᠪᠠᠰᠠ ᠳᠡᠶᠢᠮᠦ ᠥᠨᠳᠥᠷ ᠪᠤᠰᠤ ᠪᠠᠶᠢᠵᠤ᠂ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ | ᠳᠤᠮᠳᠠ ᠪᠠᠰᠠ ᠬᠦᠷᠦᠯᠴᠡᠬᠦ ᠥᠬᠡᠶ ᠲᠠᠯ᠎ᠠ ᠪᠠ ᠬᠦᠴᠢᠷᠳᠡᠯ ᠣᠷᠣᠰᠢᠭᠰᠠᠭᠠᠷ ᠪᠠᠶᠢᠨ᠎ᠠ᠃ ᠳᠡᠬᠡᠬᠡᠳ ᠪᠢ ᠬᠤᠳᠠ ᠶᠢᠨ | ︿ᠬᠤᠶᠠᠷ ᠬᠤᠷᠠᠯ﹀ ᠳᠤ᠂ ᠮᠠᠯᠵᠢᠬᠤ ᠣᠷᠣᠨ ᠤ ᠣᠳᠣᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠲᠠᠢ | ᠤᠶᠠᠯᠳᠤᠭᠤᠯᠤᠨ᠂ ᠮᠠᠯᠵᠢᠬᠤ ᠣᠷᠣᠨ ᠤ ᠦᠶ᠋ᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠪᠤᠯ ᠮᠠᠯᠴᠢᠳ ᠤᠨ | ᠠᠮᠢᠳᠤᠷᠠᠯ ᠢ ᠰᠢᠭᠤᠳ ᠳᠡᠭᠡᠭᠰᠢᠯᠡᠬᠦᠯᠬᠦ ᠪᠤᠯᠤᠮᠵᠢ ᠶᠢᠨ ᠬᠢᠳᠡᠯ ᠬᠡᠮᠡᠨ ᠰᠠᠨᠠᠯ ᠳᠤᠷᠠᠳᠤᠯᠭ᠎ᠠ ᠪᠠᠨ ᠳᠡᠪᠰᠢᠬᠦᠯᠵᠦ | ᠪᠠᠶᠢᠨ᠎ᠠ᠃ ᠶᠡᠷᠦᠨᠢ ᠮᠠᠯ ᠡᠮᠨᠡᠯᠭᠡ᠂ ᠮᠠᠯ ᠤᠨ ᠡᠮ ᠤᠨ ᠲᠥᠷᠥᠯ ᠤᠨ ᠲᠤᠰᠬᠠᠶ ᠦᠶ᠋ᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠵᠦ᠂ ᠮᠠᠯᠵᠢᠬᠤ ᠣᠷᠣᠨ ᠤ ᠳᠤᠰᠬᠠᠢ ᠬᠤᠷᠰᠢᠶᠠᠵᠢᠯ ᠤᠨ ᠲᠤᠰᠬᠠᠶ ᠮᠡᠷᠭᠡᠵᠢᠯ ᠤᠨ ᠴᠢᠨᠠᠷᠲᠠᠶ | ᠤᠳᠤᠬᠢᠴᠢᠯᠠᠭᠰᠠᠨ ᠦᠢᠯᠡᠴᠢᠯᠡᠭᠡ ᠶᠢ ᠴᠢᠩᠭᠠᠳᠬᠠᠨ᠂ ᠡᠳ᠋ ᠤᠨ ᠶᠠᠪᠤᠳᠠᠯ᠂ ᠡᠵᠡᠩᠨᠡᠯᠲᠡ᠂ ᠬᠠᠮᠢᠶᠠᠷᠤᠯᠲᠠ ᠵᠡᠷᠭᠡ | ᠲᠤᠰᠬᠠᠶ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠵᠤ᠂ ᠮᠠᠯᠵᠢᠬᠤ | ᠣᠷᠣᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠂ ᠮᠠᠯᠵᠢᠬᠤ ᠤᠷᠤᠨ ᠤ ᠳᠤᠰᠬᠠᠢ ᠬᠤᠷᠰᠢᠶᠠᠵᠢᠯ ᠤᠨ | ᠤᠳᠤᠬᠢᠴᠢᠯᠠᠭᠰᠠᠨ᠂ ᠵᠢᠷᠤᠮᠵᠢᠭᠰᠠᠨ ᠠᠵᠢᠯᠯᠠᠭ᠎ᠠ ᠶᠢ ᠠᠬᠢᠭᠤᠯᠬᠤ ᠴᠢᠬᠤᠯᠠᠳᠠᠢ᠃ ᠡᠬᠦᠨ ᠳᠤ ᠳᠡᠭᠡᠳᠦ ᠱᠠᠲᠤᠨ ᠤ | ᠬᠠᠯᠠᠭᠤᠨ ᠬᠠᠪᠰᠤᠷᠤᠯᠭ᠎ᠠ ᠳᠡᠮᠵᠢᠯᠬᠡ ᠶᠢ ᠬᠦᠰᠡᠵᠦ ᠪᠠᠶᠢᠨ᠎ᠠ︾ ᠬᠡᠮᠡᠨ ᠦᠪᠡᠷ ᠤᠨ ᠰᠠᠨᠠᠯ ᠳᠤᠷᠠᠳᠤᠯᠭ᠎ᠠ ᠪᠠᠨ | ︽ᠬᠤᠶᠠᠷ ᠬᠤᠷᠠᠯ︾ ᠳᠤ ᠳᠡᠪᠰᠢᠬᠦᠯᠪᠠ᠃ | ᠶᠡᠷᠦᠨᠢ᠂ ᠮᠠᠯᠵᠢᠬᠤ ᠣᠷᠣᠨ ᠤ ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠭᠦᠯᠬᠦ ᠳᠤ ᠣᠳᠣᠬᠢᠴᠢᠯᠠᠯᠳᠠ ᠶᠢᠨ | ᠪᠦᠳᠦᠬᠡᠨ ᠪᠠᠶᠢᠭᠤᠯᠤᠯᠳᠠ ᠶᠢᠨ ᠬᠦᠭᠵᠢᠯᠳᠡ ᠱᠠᠭᠠᠷᠳᠠᠭᠳᠠᠨ᠎ᠠ᠃ ᠬᠥᠭᠵᠢᠯᠲᠡ ᠶᠢᠨ ᠳᠤᠮᠳᠠ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠬᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠨᠡᠮᠡᠭᠳᠡᠭᠦᠯᠬᠦ ᠪᠣᠯ ᠬᠥᠭᠵᠢᠯᠲᠡ ᠶᠢᠨ ᠦᠨᠳᠦᠰᠦᠨ ᠵᠣᠷᠢᠯᠭ᠎ᠠ ᠮᠥᠨ᠂ ᠡᠷᠬᠡᠪᠰᠢ ᠠᠷᠠᠳ ᠤᠨ ᠠᠮᠢᠳᠤᠷᠠᠯ ᠤᠨ ᠠᠰᠢᠭ | ᠲᠤᠰᠠ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠵᠣᠪᠠᠨᠢᠯ ᠢ ᠢᠯᠡᠭᠦᠬᠡᠨ ᠰᠢᠢᠳᠪᠦᠷᠢᠯᠡᠵᠦ᠂ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠨ᠂ ᠨᠡᠶᠢᠭᠡᠮ ᠤᠨ ᠲᠥᠪ | ᠭᠤᠣᠯᠴᠢ ᠰᠢᠳᠤᠷᠭᠤ ᠶᠣᠰᠣ ᠶᠢ ᠠᠬᠢᠭᠤᠯᠵᠤ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ | ᠤᠯᠬᠤ ᠣᠷᠣᠯᠭ᠎ᠠ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠥᠲᠡᠯᠪᠡᠯ ᠬᠦᠷᠳᠡᠬᠦ ᠠᠰᠠᠷᠠᠮᠵᠢ ᠲᠠᠢ᠂ | ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶᠢᠴᠤᠤᠯ ᠨᠢ ᠬᠦᠷᠳᠡᠬᠦ ᠲᠤᠰᠠᠯᠠᠮᠵᠢ ᠲᠠᠢ ᠪᠠᠶᠢᠬᠤ ᠲᠠᠯ᠎ᠠ ᠪᠠᠷ | ᠲᠠᠰᠤᠷᠠᠯᠳᠠ ᠦᠭᠡᠢ ᠰᠢᠨ᠎ᠡ ᠠᠬᠢᠴᠠ ᠲᠠᠢ ᠪᠣᠯᠬᠤ ᠬᠡᠷᠡᠭᠲᠡᠢ᠃ | ︽ᠪᠢᠳᠡ ᠮᠠᠯᠵᠢᠬᠤ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠲᠠᠢ ᠤᠶᠠᠯᠳᠤᠭᠤᠯᠤᠨ᠂ ᠬᠥᠳᠡᠯᠵᠦ ᠪᠠᠷᠢᠬᠤ ᠳᠤ ᠳᠥᠭᠦᠮ ᠦᠭᠡᠢ᠂ ᠵᠡᠮᠳᠡᠭ᠂ ᠬᠥᠳᠡᠯᠮᠦᠷᠢᠯᠡᠬᠦ ᠴᠢᠳᠠᠪᠤᠷᠢ | ᠥᠬᠡᠶ ᠨᠠᠰᠤᠲᠠᠨ ᠵᠡᠷᠭᠡ ᠪᠠᠭᠤᠷᠠᠶᠢᠴᠤᠤᠯ ᠳᠤ ᠴᠢᠭᠯᠡᠭᠦᠯᠦᠨ᠂ ᠣᠷᠣᠨ ᠰᠠᠭᠤᠴᠠ ᠶᠢᠨ ᠠᠰᠠᠭᠤᠳᠠᠯ ᠢ ᠰᠢᠶ᠋ᠳᠪᠦᠷᠢᠯᠡᠬᠦ | ᠵᠡᠷᠭᠡ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠲᠥᠷᠥᠯ ᠵᠦᠢᠯ ᠢ ᠦᠷᠬᠦᠯᠵᠢᠯᠡᠨ ᠪᠥᠲᠥᠭᠡᠨ ᠪᠠᠶᠢᠭᠤᠯᠬᠤ | ᠬᠡᠷᠡᠭᠳᠡᠢ᠃ ᠵᠢᠱᠢᠶᠡᠯᠡᠪᠡᠯ᠂ ᠬᠢᠮᠳᠠ ᠲᠦᠷᠢᠶᠡᠰᠦᠨ ᠠᠰᠠᠷ᠂ ᠬᠢᠮᠳᠠ ᠣᠷᠣᠨ ᠰᠠᠭᠤᠴᠠ ᠵᠡᠷᠭᠡ ᠣᠷᠣᠨ ᠰᠠᠭᠤᠴᠠ | ᠬᠠᠩᠭᠠᠵᠤ᠂ ᠪᠠᠭᠤᠷᠠᠶᠢᠴᠤᠤᠯ ᠳᠤ ᠨᠠᠰᠤᠵᠢᠯ ᠤᠨ ᠠᠰᠠᠷᠠᠮᠵᠢ᠂ ᠡᠷᠡᠭᠦᠯᠵᠢᠯ ᠵᠡᠷᠭᠡ ᠰᠠᠭᠤᠷᠢ ᠪᠠᠲᠤᠯᠠᠭ᠎ᠠ ᠶᠢᠨ | ᠦᠢᠯᠡᠴᠢᠯᠡᠭᠡ ᠬᠠᠩᠭᠠᠵᠤ᠂ ᠮᠠᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ | ᠳᠡᠭᠡᠭᠰᠢᠯᠡᠭᠦᠯᠦᠨ᠎ᠡ᠃ ᠡᠨᠡ ᠨᠢ ᠮᠠᠯᠵᠢᠬᠤ ᠤᠷᠤᠨ ᠤ ᠣᠳᠣᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠳᠤ | ᠤᠷᠤᠯᠴᠠᠵᠦ ᠪᠠᠶᠢᠭ᠎ᠠ ᠵᠠᠯᠠᠭᠤᠰ ᠪᠢᠳᠠᠨ ᠤ ᠪᠤᠳᠤᠵᠦ ᠰᠠᠨᠠᠵᠦ᠂ ᠬᠢᠵᠦ ᠬᠦᠭᠵᠢᠬᠦᠯᠬᠦ ᠠᠵᠢᠯ ᠤᠨ ᠨᠢᠬᠡ᠃ ᠡᠨᠡ | ᠳᠠᠯ᠎ᠠ ᠪᠠᠷ ᠪᠠᠰᠠ ᠳᠡᠭᠡᠳᠦ ᠱᠠᠲᠤᠨ ᠠᠴᠠ ᠳᠡᠮᠵᠢᠯᠭᠡ ᠦᠵᠡᠭᠦᠯᠬᠦ ᠶᠢ ᠬᠦᠰᠡᠳᠡᠭ︾ ᠬᠡᠰᠡᠨ ᠬᠡᠰᠢᠬᠦᠨ ᠭᠠᠸᠠᠳᠤᠨᠳᠤᠭ | ᠵᠠᠯᠠᠭᠤᠬᠠᠨ ᠬᠢᠷᠢ ᠪᠠᠨ ᠬᠤᠯᠠ ᠶᠢᠨ ᠪᠤᠳᠤᠯ ᠲᠠᠢ᠂ ᠬᠢᠬᠦ ᠵᠤᠷᠢᠭ ᠲᠠᠢ ᠬᠦᠮᠦᠨ ᠤ ᠨᠢᠬᠡ ᠪᠠᠶᠢᠯ᠎ᠠ᠃ | ᠲᠡᠷᠡ ᠪᠠᠰᠠ ᠮᠠᠯᠴᠢᠳ ᠤᠨ ᠤᠷᠤᠯᠭ᠎ᠠ ᠭᠠᠷᠤᠯᠭ᠎ᠠ ᠳᠤ ᠪᠤᠳᠤᠯ ᠪᠤᠯᠳᠠᠭ ᠢᠶᠠᠨ ᠬᠡᠯᠡᠯ᠎ᠠ᠃ ᠤᠴᠢᠷ ᠨᠢ | ᠮᠠᠯᠵᠢᠬᠤ ᠣᠷᠣᠨ ᠤ ᠣᠳᠣᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ ᠮᠠᠯᠵᠢᠬᠤ ᠣᠷᠣᠨ ᠤ | ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠭᠦᠯᠬᠦ ᠳᠤ ᠮᠠᠯᠴᠢᠳ ᠤᠨ ᠤᠷᠤᠯᠭ᠎ᠠ ᠶᠢᠨ ᠪᠠᠶᠢᠳᠠᠯ ᠴᠢᠬᠤᠯᠠ | ᠭᠤᠭᠴᠤᠭ᠎ᠠ ᠶᠢᠨ ᠨᠢᠬᠡ ᠬᠡᠰᠡᠭ ᠪᠤᠯᠤᠨ᠎ᠠ᠃ ᠡᠨᠡ ᠳᠤᠬᠠᠢ ᠬᠡᠰᠢᠬᠦᠨ ᠭᠠᠸᠠᠳᠤᠨᠳᠤᠭ᠄ ︽ᠮᠠᠯᠴᠢᠳ ᠨᠤᠤᠰᠤ | ᠨᠤᠤᠯᠤᠭᠤᠷ ᠢᠶᠠᠨ ᠬᠤᠳᠠᠯᠳᠤᠬᠤ᠂ ᠮᠠᠯ ᠤᠨ ᠠᠰᠢᠭ ᠰᠢᠮ᠎ᠠ ᠶᠢᠨ ᠭᠠᠷᠤᠯᠳᠠ ᠪᠠᠨ ᠪᠤᠷᠤᠯᠠᠭᠤᠯᠬᠤ᠂ ᠬᠤᠨᠢ | ᠦᠬᠡᠷ ᠢᠶᠠᠨ ᠪᠤᠷᠤᠯᠠᠭᠤᠯᠵᠦ ᠤᠷᠤᠯᠭ᠎ᠠ ᠤᠯᠬᠤ ᠠᠴᠠ ᠭᠠᠳᠠᠨ᠎ᠠ ᠨᠤᠳᠤᠭ ᠪᠡᠯᠴᠢᠬᠡᠷ ᠤᠨ ᠱᠠᠩᠨᠠᠵᠦ ᠨᠦᠬᠦᠪᠦᠷᠢᠯᠡᠬᠦ | ᠲᠦᠷᠦ ᠶᠢᠨ ᠪᠤᠳᠤᠯᠭ᠎ᠠ ᠶᠢᠨ ᠨᠦᠬᠦᠪᠦᠷᠢ ᠶᠢᠨ ᠮᠦᠡᠭᠬᠦ᠂ ᠭᠠᠴᠠᠭᠠᠨ ᠤ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ | ᠬᠡᠳ ᠵᠤᠬᠢᠬᠤ ᠬᠡᠮᠵᠢᠶᠠᠨ ᠤ ᠤᠷᠤᠯᠭ᠎ᠠ ᠤᠯᠳᠠᠭ᠃ ᠪᠠᠰᠠ ᠬᠠᠳᠤᠯᠠᠩ ᠪᠡᠯᠴᠢᠬᠡᠷ᠂ ᠡᠪᠡᠰᠦ ᠪᠤᠷᠳᠤᠭ᠎ᠠ ᠪᠠᠨ | ᠬᠤᠳᠠᠯᠳᠤᠭᠠᠳ ᠠᠬᠢᠭᠠᠳ ᠨᠢᠬᠡ ᠬᠡᠰᠡᠭ ᠤᠷᠤᠯᠭ᠎ᠠ ᠤᠯᠵᠤ ᠪᠤᠯᠳᠠᠭ᠃ ᠨᠢᠬᠡ ᠬᠡᠰᠡᠭ ᠮᠠᠯᠴᠢᠳ ᠬᠤᠶᠠᠷ | ᠭᠤᠷᠪᠠᠳᠤᠭᠠᠷ ᠠᠵᠤ ᠠᠬᠤᠢᠢᠯᠠᠯ ᠡᠷᠬᠢᠯᠡᠵᠦ ᠤᠷᠤᠯᠭ᠎ᠠ ᠪᠠᠨ ᠨᠡᠮᠡᠭᠳᠡᠬᠦᠯᠳᠡᠭ ᠨᠢ ᠪᠤᠢ᠃ ᠬᠡᠬᠦ ᠳᠡᠭᠡᠨ ᠮᠠᠯᠴᠢᠳ ᠤᠨ | ᠤᠷᠤᠯᠭ᠎ᠠ ᠵᠠᠷᠤᠯᠭ᠎ᠠ ᠳᠡᠩᠴᠡᠬᠦᠷᠢ ᠪᠠᠨ ᠠᠯᠳᠠᠬᠤ ᠬᠡᠳ ᠪᠠᠶᠢᠳᠠᠭ᠃ ᠮᠠᠯᠴᠢᠳ ᠤᠷᠤᠯᠭ᠎ᠠ ᠵᠠᠷᠤᠯᠭ᠎ᠠ ᠪᠠᠨ | ᠳᠡᠩᠴᠡᠬᠦᠷᠢᠰᠢᠬᠦᠯᠬᠦ ᠳᠤ ᠦᠪᠡᠷ ᠤᠨ ᠳᠤᠨᠤᠭ ᠲᠦᠬᠦᠬᠡᠷᠦᠮᠵᠢ᠂ ᠮᠠᠰᠢᠨ ᠮᠧᠬᠠᠨᠢᠭ ᠢᠶᠠᠨ ᠰᠢᠨᠡᠴᠢᠯᠡᠵᠦ᠂ ᠡᠪᠡᠰᠦ | ᠪᠤᠷᠳᠤᠭ᠎ᠠ ᠪᠠᠨ ᠦᠪᠡᠷ ᠢᠶᠠᠨ ᠬᠠᠳᠤᠵᠦ ᠠᠪᠤᠭᠠᠳ ᠭᠠᠳᠠᠨ᠎ᠠ ᠠᠴᠠ ᠡᠪᠡᠰᠦ ᠪᠤᠷᠳᠤᠭ᠎ᠠ ᠠᠪᠬᠤ ᠪᠠᠨ ᠪᠠᠭᠠᠰᠬᠠᠬᠤ | ᠬᠡᠷᠡᠭᠳᠡᠢ᠃ ᠮᠠᠯ ᠤᠨ ᠠᠰᠢᠭ ᠰᠢᠮ᠎ᠠ ᠪᠠᠨ ᠦᠪᠡᠷ ᠢᠶᠠᠨ ᠪᠤᠷᠤᠯᠠᠭᠤᠯᠵᠤ᠂ ᠦᠨᠳᠦᠷ ᠦᠨ᠎ᠠ ᠬᠠᠨᠭ᠍ᠰᠢ ᠳᠤ ᠬᠦᠷᠬᠡᠬᠦ | ᠬᠡᠷᠡᠭᠳᠡᠢ᠃ ᠢᠡᠭᠬᠢᠪᠠᠯ ᠵᠠᠷᠤᠯᠭ᠎ᠠ ᠪᠠᠨ ᠪᠠᠭᠠᠰᠬᠠᠵᠦ ᠤᠷᠤᠯᠭ᠎ᠠ ᠪᠠᠨ ᠨᠡᠮᠡᠭᠳᠡᠬᠦᠯᠬᠦ ᠪᠤᠯᠤᠨ᠎ᠠ᠃ ᠮᠠᠯ ᠤᠨ ᠡᠪᠡᠳᠴᠢᠨ | ᠡᠮᠭᠡᠭ᠂ ᠮᠠᠯ ᠤᠨ ᠬᠢᠵᠢᠭ ᠢ ᠰᠡᠷᠬᠡᠶᠢᠯᠡᠵᠦ᠂ ᠮᠠᠯ ᠤᠨ ᠬᠤᠷᠤᠭᠳᠠᠯ ᠢᠶᠠᠨ ᠪᠠᠭᠠᠰᠬᠠᠨ᠎ᠠ᠃ ᠦᠨᠳᠦᠷ ᠬᠦᠦ ᠲᠠᠢ | ᠵᠢᠬᠡᠯᠡᠯᠬᠡ ᠶᠢ ᠡᠷᠡᠰ ᠳᠡᠪᠴᠢᠵᠦ᠂ ᠵᠢᠯ ᠤᠨ ᠤᠷᠤᠯᠭ᠎ᠠ ᠪᠠᠨ ᠳᠡᠩᠴᠡᠬᠦᠷᠢᠰᠢᠬᠦᠯᠵᠦ᠂ ᠢᠯᠡᠬᠦᠴᠡ ᠵᠠᠷᠤᠯᠭ᠎ᠠ | ᠭᠠᠷᠬᠤ ᠠᠴᠠ ᠬᠢᠴᠢᠶᠡᠬᠦ ᠬᠡᠷᠡᠭᠳᠡᠢ︾ ᠬᠡᠵᠦ ᠶᠠᠷᠢᠯ᠎ᠠ᠃ | ᠮᠠᠯᠵᠢᠬᠤ ᠣᠷᠣᠨ ᠤ ᠣᠳᠣᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ ᠮᠠᠯᠵᠢᠬᠤ | ᠣᠷᠣᠨ ᠤ ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠭᠦᠯᠬᠦ ᠳᠤ ᠮᠠᠯᠴᠢᠳ ᠤᠨ ᠦᠪᠡᠷ ᠤᠨ ᠴᠢᠷᠮᠠᠶᠢᠯᠭ᠎ᠠ ᠬᠡᠷᠡᠭᠳᠡᠢ᠃ | ᠨᠡᠩ ᠴᠤ ᠰᠠᠶᠢᠨ ᠳᠠᠭᠠᠭᠤᠯᠤᠭᠴᠢ᠂ ᠰᠢᠳᠤᠷᠭᠤ ᠳᠡᠮᠵᠢᠯᠬᠡ ᠬᠡᠷᠡᠭᠳᠡᠢ ᠪᠢᠯᠡ᠃ | | ᠰᠤᠷᠪᠤᠯᠵᠢᠯᠠᠭᠴᠢ ᠨᠠᠰᠤᠨᠴᠡᠴᠡᠭ | | |