ᠮᠠᠨ ᠤ ᠬᠤᠰᠢᠭᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠬᠥᠯᠥᠨ ᠪᠤᠶᠢᠷ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2022/3/3
     3 ᠰᠠᠷ᠎ᠠ ᠶᠢᠨ 2 ᠤᠨ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠪᠥᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠴᠧᠨ ᠯᠦᠩ᠂ ᠳᠠᠰᠢᠵᠠᠮᠰᠤ᠂ ᠵᠢᠶᠠ ᡁᠢ ᠺᠦᠢ ᠵᠡᠷᠭᠡ ᠲᠦᠷᠪᠡᠨ ᠶᠡᠭᠡ ᠪᠠᠭ ᠤᠨ ᠤᠳᠤᠷᠢᠳᠤᠯᠭ᠎ᠠ᠂ ᠰᠢᠭᠦᠬᠦ ᠪᠠᠶᠢᠴᠠᠭᠠᠬᠤ ᠬᠤᠷᠢᠶ᠎ᠠ ᠶᠢᠨ ᠬᠤᠶᠠᠷ ᠳᠠᠷᠤᠭ᠎ᠠ ᠬᠤᠷᠠᠯ ᠳᠤ ᠣᠷᠣᠯᠴᠠᠪᠠ᠃      ᠪᠥᠬᠡᠪᠠᠶᠠᠷ ᠬᠥᠯᠥᠨ ᠪᠤᠶᠢᠷ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠤᠷᠠᠯᠳᠤᠭᠰᠠᠨ ᠪᠠᠶᠢᠳᠠᠯ ᠢ ᠮᠡᠳᠡᠭᠳᠡᠬᠦ ᠶᠢᠨ ᠬᠠᠮᠲᠤ᠂ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯ ᠵᠣᠷᠢᠭ ᠰᠠᠨᠠᠭ᠎ᠠ ᠶᠢ ᠤᠯᠠᠮᠵᠢᠯᠠᠪᠠ︔ ᠴᠧᠨ ᠯᠦᠩ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠪᠠ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠃ ᠳᠠᠰᠢᠵᠠᠮᠰᠤ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃
     ᠪᠥᠬᠡᠪᠠᠶᠠᠷ ᠵᠢᠭᠠᠵᠤ ᠭᠠᠷᠭᠠᠬᠤ ᠳᠠᠭᠠᠨ᠂ ᠬᠥᠯᠥᠨ ᠪᠤᠶᠢᠷ ᠬᠤᠲᠠ ᠶᠢᠨ ︽ᠬᠤᠶᠠᠷ ᠬᠤᠷᠠᠯ︾ ᠠᠮᠵᠢᠯᠲᠠ ᠲᠠᠢ ᠬᠤᠷᠠᠯᠳᠤᠵᠤ᠂ ᠪᠦᠬᠦ ᠬᠤᠳᠠ ᠳᠠᠶᠠᠭᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠳᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠵᠤ᠂ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠡᠶ᠎ᠡ ᠵᠣᠬᠢᠴᠠᠩᠭᠤᠢ ᠠᠮᠤᠷ ᠠᠮᠤᠭᠤᠯᠠᠩ ᠬᠥᠯᠥᠨ ᠪᠤᠶᠢᠷ ᠤᠨ ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠮᠠᠨ ᠤ ᠬᠤᠰᠢᠭᠤ ᠪᠥᠬᠦ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠬᠤ ᠶᠢ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠪᠥᠬᠦ ᠲᠠᠯ᠎ᠠ ᠶᠢ ᠬᠠᠮᠤᠷᠬᠤ ᠠᠷᠭ᠎ᠠ ᠬᠡᠯᠪᠡᠷᠢ ᠪᠠᠷ ᠳᠠᠮᠵᠢᠨ ᠰᠤᠷᠤᠯᠴᠠᠵᠤ ᠤᠬᠠᠭᠤᠯᠬᠤ ᠶᠠᠪᠤᠴᠠ ᠶᠢ ᠲᠠᠨᠢᠯᠲᠠ ᠪᠠᠨ ᠭᠦᠨᠵᠡᠭᠡᠶᠢᠷᠡᠭᠦᠯᠬᠦ᠂ ᠬᠦᠴᠦᠨ ᠴᠢᠳᠠᠯ ᠢᠶᠠᠨ ᠨᠢᠭᠲᠠᠷᠠᠭᠤᠯᠬᠤ ᠶᠠᠪᠤᠴᠠ ᠪᠣᠯᠭᠠᠨ ᠬᠤᠪᠢᠷᠠᠭᠤᠯᠵᠤ᠂ ᠦᠵᠡᠯ ᠰᠠᠨᠠᠭ᠎ᠠ ᠪᠠᠨ ᠴᠢᠯᠦᠭᠡᠯᠡᠬᠦ᠂ ᠵᠣᠷᠢᠭᠲᠠᠢ ᠪᠠᠷ ᠰᠢᠨ᠎ᠡ ᠶᠢ ᠡᠭᠦᠳᠬᠦ ᠶᠠᠪᠤᠴᠠ ᠪᠣᠯᠭᠠᠨ ᠬᠤᠪᠢᠷᠠᠭᠤᠯᠵᠤ᠂ ᠰᠡᠳᠬᠢᠴᠡ ᠪᠠᠨ ᠥᠷᠭᠡᠳᠬᠡᠬᠦ᠂ ᠳᠠᠪᠠᠯᠲᠠ ᠲᠠᠢ ᠪᠠᠷ ᠳᠡᠭᠡᠭᠰᠢᠯᠡᠭᠦᠯᠬᠦ ᠶᠠᠪᠤᠴᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃      ᠪᠥᠬᠡᠪᠠᠶᠠᠷ ᠴᠢᠬᠤᠯᠠᠴᠢᠯᠠᠬᠤ ᠳᠠᠭᠠᠨ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠳᠦᠷᠪᠡᠨ ᠬᠡᠰᠡᠭ ᠲᠤ ᠮᠠᠨ ᠤ ᠬᠤᠰᠢᠭᠤᠨ ᠤ ᠭᠤᠣᠯᠳᠠᠯᠭ᠎ᠠ ᠲᠠᠢ ᠠᠵᠢᠯ ᠢ ᠳᠤᠷᠠᠳᠴᠠᠢ᠂ ᠲᠤᠬᠠᠶᠢᠯᠠᠪᠠᠯ ᠠᠷᠤᠬᠠᠰᠢᠶᠠᠲᠤ ᠬᠢᠯᠢ ᠶᠢᠨ ᠪᠣᠭᠤᠮᠲᠠ ᠶᠢ ᠵᠢᠯ ᠲᠤᠷᠰᠢᠳᠠ ᠴᠢᠯᠦᠭᠡᠲᠡᠢ ᠨᠡᠭᠡᠭᠡᠬᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠬᠦ᠂ ᠠᠷᠤᠬᠠᠰᠢᠶᠠᠲᠤ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢ ᠰᠣᠯᠢᠵᠤ ᠠᠴᠢᠶᠠᠯᠠᠬᠤ ᠲᠠᠯᠠᠪᠠᠶ ᠪᠠᠶᠢᠭᠤᠯᠬᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠦᠭᠵᠢᠭᠦᠯᠬᠦ ᠲᠤᠷᠰᠢᠯᠲᠠ ᠶᠢᠨ ᠰᠢᠶᠠᠨ ᠪᠠᠶᠢᠭᠤᠯᠬᠤ ᠶᠢ ᠳᠡᠮᠵᠢᠬᠦ ᠵᠡᠷᠭᠡ ᠪᠣᠯᠣᠨ᠎ᠠ᠃ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ  ᠬᠢᠨ ᠤᠯᠤᠰ ᠲᠥᠷᠥ ᠶᠢᠨ ᠡᠭᠦᠷᠭᠡᠯᠡᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠠᠢ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠬᠠᠷᠠᠯᠲᠠ ᠡᠭᠦᠷᠭᠡ ᠶᠢ ᠬᠠᠷᠭᠤᠭᠤᠯᠤᠨ ᠠᠪᠴᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ ᠠᠬᠤᠢ ᠶᠢ ᠲᠣᠭᠲᠠᠭᠤᠨ ᠢᠶᠠᠷ ᠨᠡᠮᠡᠭᠳᠡᠭᠦᠯᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ᠂ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠶᠣᠰᠣᠭᠠᠷ᠂ ᠡᠯ᠎ᠡ ᠵᠦᠢᠯ ᠤᠨ ᠬᠠᠷᠠᠯᠲᠠ᠂ ᠡᠭᠦᠷᠭᠡ ᠪᠣᠯᠣᠨ ᠱᠠᠭᠠᠷᠳᠠᠯᠭ᠎ᠠ ᠶᠢ ᠡᠷᠡᠰ ᠪᠡᠶᠡᠯᠡᠭᠦᠯᠬᠦ ᠬᠡᠷᠡᠭᠲᠡᠢ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠡᠯ᠎ᠡ ᠵᠦᠢᠯ ᠤᠨ ᠮᠡᠳᠡᠭᠦᠯᠦᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠦᠷᠭᠦᠯᠵᠢᠯᠡᠨ ᠴᠢᠨᠠᠷ ᠰᠠᠶᠢᠲᠠᠢ ᠬᠥᠭᠵᠢᠬᠦ ᠰᠢᠨ᠎ᠡ ᠪᠠᠶᠢᠳᠠᠯ ᠢ ᠲᠠᠰᠤᠷᠠᠯᠲᠠ ᠦᠭᠡᠢ ᠪᠤᠢ ᠪᠣᠯᠭᠠᠬᠤ ᠬᠡᠷᠡᠭᠲᠡᠢ ᠭᠡᠪᠡ᠃      ᠪᠥᠬᠡᠪᠠᠶᠠᠷ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠᠶᠢᠴᠠᠭᠠᠯᠲᠠ ᠶᠢ ᠤᠭᠲᠤᠬᠤ ᠪᠡᠯᠡᠳᠬᠡᠯ᠂ ᠬᠠᠪᠤᠷ ᠤᠨ ᠤᠯᠠᠷᠢᠯ ᠤᠨ ᠲᠥᠯ ᠲᠣᠰᠴᠤ ᠪᠣᠶᠢᠵᠢᠭᠤᠯᠬᠤ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠪᠠ ᠠᠶᠤᠯᠭᠦᠢ ᠦᠢᠯᠡᠳᠪᠦᠷᠢᠯᠡᠯ ᠵᠡᠷᠭᠡ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号