ᠪᠥᠬᠡᠪᠠᠶᠠᠷ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/31
     3 ᠰᠠᠷ᠎ᠠ ᠶᠢᠨ 30 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠴᠧᠨ ᠯᠦᠩ᠂ ᠳᠠᠰᠢᠵᠠᠮᠰᠤ ᠵᠡᠷᠭᠡ ᠳᠦᠷᠪᠡᠨ ᠶᠡᠭᠡ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶᠠᠨ ᠤ ᠳᠠᠷᠤᠭ᠎ᠠ᠂ ᠳᠦᠷᠪᠡᠨ ᠶᠡᠭᠡ ᠪᠠᠭ ᠤᠨ ᠠᠯᠪᠠᠨ ᠭᠡᠷ ᠤᠨ ᠡᠷᠬᠢᠯᠡᠭᠴᠢ᠂ ᠨᠠᠷᠢᠨ ᠪᠢᠴᠢᠭ ᠤᠨ ᠳᠠᠷᠤᠭ᠎ᠠ ᠰᠤᠷᠤᠯᠴᠠᠯᠭ᠎ᠠ ᠳᠤ ᠣᠷᠣᠯᠴᠠᠪᠠ᠃      ᠬᠤᠷᠠᠯ ᠳᠡᠭᠡᠷ᠎ᠡ ︽ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠡᠳᠡᠭᠳᠡᠯ︾ ︽ᠱᠢ ᠲᠠᠢ ᠹᠧᠩ ᠤᠨ ᠪᠦᠬᠦ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠳᠡᠭᠡᠷᠡᠬᠢ ᠶᠠᠷᠢᠶ᠎ᠠ︾ ︽ᠬᠥᠯᠥᠨ ᠪᠤᠶᠢᠷ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ︾ ︽ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠭᠤᠤ ᠷᠦᠨ ᠰᠢ ᠨᠥᠬᠦᠷ ᠤᠨ ᠢᠯᠡᠳᠬᠡᠯ᠂ ᠶᠠᠷᠢᠶ᠎ᠠ ᠵᠢᠴᠢ ᠶᠦᠩ ᠴᠢᠶᠠᠨ ᠨᠥᠬᠦᠷ ᠤᠨ ᠶᠠᠷᠢᠶ᠎ᠠ︾ ᠶᠢᠨ ᠵᠣᠷᠢᠭ ᠰᠠᠨᠠᠭ᠎ᠠ ᠪᠣᠯᠣᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
     ᠪᠥᠬᠡᠪᠠᠶᠠᠷ ᠴᠢᠩᠭᠠᠳᠬᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ︽ᠲᠠᠪᠤᠨ ᠡᠷᠬᠡᠪᠰᠢ ᠶᠠᠪᠤᠬᠤ ᠵᠠᠮ︾ ᠤᠨ ᠴᠢᠬᠤᠯᠠ ᠶᠡᠭᠡ ᠨᠤᠲᠠᠯᠠᠯᠲᠠ ᠶᠢ ᠭᠦᠢᠴᠡᠳ ᠠᠰᠢᠭᠯᠠᠨ ᠦᠢᠯᠡᠳᠦᠯᠭᠡ ᠶᠢ ᠵᠢᠯᠣᠭᠤᠳᠤᠭᠤᠯᠵᠤ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠡᠷᠴᠢᠮ ᠲᠠᠢ ᠡᠮᠬᠢ ᠵᠢᠷᠤᠮ ᠲᠠᠢ ᠪᠦᠲᠦᠮᠵᠢᠲᠡᠢ ᠥᠷᠨᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠲᠤᠭ ᠡᠷᠭᠦᠨ ᠴᠢᠭᠯᠡᠯ ᠲᠣᠭᠲᠠᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠬᠦ ᠬᠡᠷᠡᠭᠲᠡᠢ︔ ᠰᠠᠭᠤᠷᠢ ᠶᠢ ᠪᠠᠲᠤᠳᠬᠠᠨ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠦᠴᠦᠲᠡᠢ ᠠᠬᠢᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ︔ ᠰᠢᠨ᠎ᠡ ᠶᠢ ᠡᠭᠦᠳᠬᠦ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ᠠᠮᠢ ᠠᠬᠤᠢ ᠶᠢ ᠡᠩ ᠲᠡᠷᠢᠭᠦᠨ ᠳᠤ ᠪᠣᠬᠢᠷᠳᠤᠯ ᠦᠭᠡᠢ ᠬᠥᠭᠵᠢᠭᠦᠯᠬᠦ ᠠᠯᠬᠤᠴᠠ ᠶᠢ ᠲᠦᠷᠭᠡᠳᠬᠡᠬᠦ ᠬᠡᠷᠡᠭᠲᠡᠢ︔ ᠪᠦᠬᠦ ᠲᠠᠯ᠎ᠠ ᠪᠠᠷ ᠲᠥᠯᠥᠪᠵᠢᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ︔ ᠦᠨᠡᠨ ᠰᠡᠳᠬᠢᠯ ᠠᠴᠠ ᠪᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠶ᠎ᠡ ᠵᠣᠬᠢᠴᠠᠯ ᠲᠠᠢ ᠵᠣᠯ ᠵᠢᠷᠭᠠᠯᠲᠤ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃      ᠲᠡᠷᠡ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯ ᠤᠷᠢᠶ᠎ᠠ ᠶᠢᠨ ᠴᠢᠨᠠᠷᠲᠠᠢ᠂ ᠱᠠᠲᠤᠴᠢ ᠴᠢᠨᠠᠷᠲᠠᠢ ᠠᠵᠢᠯ ᠤᠭᠳᠤ ᠪᠢᠰᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠥᠩᠭᠡᠷᠡᠭᠰᠡᠨ ᠤ ᠴᠠᠭ ᠭᠡᠵᠦ ᠪᠠᠶᠢᠬᠤ ᠦᠭᠡᠢ᠂ ᠵᠥᠪᠬᠡᠨ ᠶᠠᠪᠤᠭᠳᠠᠬᠤ ᠴᠠᠭ ᠭᠡᠵᠦ ᠪᠠᠶᠢᠬᠤ ᠶᠤᠮ᠃ ᠱᠢ ᠲᠠᠢ ᠹᠧᠩ ᠱᠦᠵᠢ ᠶᠢᠨ ᠪᠦᠬᠦ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠰᠤᠷᠤᠯᠴᠠᠯᠭ᠎ᠠ ᠦᠢᠯᠡᠳᠦᠯᠭᠡ ᠶᠢ ᠭᠦᠨᠵᠡᠭᠡᠶᠢᠷᠡᠭᠦᠯᠬᠦ ᠬᠡᠷᠡᠭᠲᠡᠢ ᠭᠡᠪᠡ᠃      ᠲᠡᠷᠡ ᠱᠠᠭᠠᠷᠳᠠᠬᠤ ᠳᠠᠭᠠᠨ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠬᠥᠯᠥᠨ ᠪᠤᠶᠢᠷ ᠬᠤᠲᠠ ᠶᠢᠨ ︽ᠬᠤᠶᠠᠷ ᠬᠤᠷᠠᠯ︾ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢ ᠴᠢᠩᠭᠠᠳᠬᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠳᠦᠷᠢ ᠲᠥᠷᠬᠦ ᠶᠢ ᠪᠣᠶ ᠪᠣᠯᠭᠠᠬᠤ︾ ᠶᠡᠭᠡ ᠰᠤᠷᠤᠯᠴᠠᠯᠭ᠎ᠠ ᠶᠡᠭᠡ ᠶᠠᠷᠢᠯᠴᠠᠭᠠᠨ ᠤ ᠠᠵᠢᠯᠯᠠᠭ᠎ᠠ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠳᠡᠭᠡᠳᠦ ᠱᠠᠲᠤᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠮᠠᠨ ᠤ ᠬᠤᠰᠢᠭᠤᠨ ᠳᠤ ᠦᠨᠳᠦᠰᠦᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠥᠯᠥᠨ ᠪᠤᠶᠢᠷ ᠬᠤᠲᠠ ᠶᠢᠨ ︽ᠠᠵᠤ ᠠᠬᠤᠢ ᠶᠢᠨ ᠠᠵᠢᠯ ᠤᠨ ᠬᠤᠷᠠᠯ︾ ᠪᠠ ︽ᠬᠤᠶᠠᠷ ᠬᠤᠷᠠᠯ︾ ᠤᠨ ᠪᠠᠶᠢᠷᠢᠯᠠᠭᠤᠯᠤᠯᠲᠠ ᠶᠢᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠨᠢᠭᠲᠠ ᠤᠶᠠᠯᠳᠤᠭᠤᠯᠤᠨ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢᠨ ᠬᠡᠷᠡᠭᠵᠢᠭᠦᠯᠬᠦ ᠲᠥᠰᠥᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠪᠥᠬᠡᠪᠠᠶᠠᠷ ᠪᠠᠰᠠ ᠪᠦᠬᠦ ᠤᠯᠤᠰ ᠤᠨ ︽ᠬᠤᠶᠠᠷ ᠬᠤᠷᠠᠯ︾ ᠤᠨ ᠤᠬᠠᠭᠤᠯᠭ᠎ᠠ ᠶᠢᠨ ᠠᠵᠢᠯ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠱᠠᠭᠠᠷᠳᠠᠯᠭ᠎ᠠ ᠳᠤᠷᠠᠳᠴᠠᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号