ᠭᠠᠯ ᠰᠡᠷᠭᠡᠶᠢᠯᠡᠯᠲᠡ ᠶᠢᠨ ᠤᠯᠠᠷᠢᠯ ᠬᠦᠷᠴᠦ ᠢᠷᠡᠬᠦ ᠳᠤ᠂ ᠦᠷᠭᠡᠨ ᠤᠯᠠᠨ ᠺᠠᠳ᠋ᠷ᠂ ᠮᠠᠯᠴᠢᠨ ᠲᠦᠮᠡᠨ ᠳᠤ ᠪᠠᠨ | ᠲᠤᠤᠷᠠᠬᠢ ᠬᠡᠲᠤᠨ ᠲᠠᠯ᠎ᠠ ᠶᠢᠨ ᠰᠠᠨᠠᠭᠤᠯᠤᠮᠵᠢ ᠶᠢ ᠠᠩᠬᠠᠷᠤᠭᠤᠯᠵᠤ᠂ ᠭᠠᠯ ᠰᠡᠷᠭᠡᠶᠢᠯᠡᠯᠲᠡ ᠶᠢᠨ ᠠᠵᠢᠯ ᠢ ᠰᠠᠶᠢᠲᠤᠷ | ᠬᠢᠬᠦ ᠳᠤ ᠲᠤᠰᠠ ᠲᠡᠮᠵᠢᠯᠭᠡ ᠪᠤᠯᠭᠠᠶ᠎ᠠ᠃ | ᠤᠢ ᠰᠢᠭᠤᠢ ᠨᠤᠳᠤᠭ ᠪᠡᠯᠴᠢᠬᠡᠷ ᠤᠨ ᠭᠠᠯ ᠲᠦᠢᠮᠡᠷ ᠢ ᠰᠡᠷᠬᠡᠶᠢᠯᠡᠬᠦ ᠬᠤᠭᠤᠴᠠᠭ᠎ᠠ ᠶᠢ ︽ᠤᠢ ᠰᠢᠭᠤᠢ | ᠨᠤᠳᠤᠭ ᠪᠡᠯᠴᠢᠬᠡᠷ ᠤᠨ ᠭᠠᠯ ᠲᠦᠢᠮᠡᠷ ᠢ ᠰᠡᠷᠬᠡᠶᠢᠯᠡᠬᠦ ᠲᠦᠷᠢᠮ︾ ᠳᠤ 3 ᠳ᠋ᠤᠭᠠᠷ ᠰᠠᠷ᠎ᠡ ᠶᠢᠨ 15 ᠤ ᠡᠳᠤᠷ ᠠᠴᠠ | 6 ᠳ᠋ᠤᠭᠠᠷ ᠰᠠᠷ᠎ᠡ ᠶᠢᠨ 15 ᠤ ᠡᠳᠤᠷ ᠪᠤᠯ ᠬᠠᠪᠤᠷ ᠤᠨ ᠤᠯᠠᠷᠢᠯ ᠤᠨ ᠭᠠᠯ ᠰᠡᠷᠬᠡᠶᠢᠯᠡᠬᠦ ᠬᠤᠭᠤᠴᠠᠭ᠎ᠠ ᠮᠦᠨ᠂ 9 | ᠳ᠋ᠤᠭᠡᠷ ᠰᠠᠷ᠎ᠡ ᠶᠢᠨ 15 ᠤ ᠡᠳᠤᠷ ᠠᠴᠠ 11 ᠳ᠋ᠤᠭᠡᠷ ᠰᠠᠷ᠎ᠡ ᠶᠢᠨ 15 ᠤ ᠡᠳᠤᠷ ᠪᠤᠯ ᠨᠠᠮᠤᠷ ᠤᠨ ᠤᠯᠠᠷᠢᠯ ᠤᠨ ᠭᠠᠯ | ᠰᠡᠷᠬᠡᠶᠢᠯᠡᠬᠦ ᠬᠤᠭᠤᠴᠠᠭ᠎ᠠ ᠪᠤᠯᠤᠨ᠎ᠠ ᠭᠡᠵᠥ ᠲᠤᠬᠳᠠᠭᠠᠵᠠᠢ᠃ | ᠭᠠᠯ ᠰᠡᠷᠬᠡᠶᠢᠯᠡᠬᠦ ᠬᠤᠭᠤᠴᠠᠭᠠᠨ ᠳᠤ᠂ ᠭᠡᠭᠡᠷ᠎ᠡ ᠭᠠᠳᠠᠨ᠎ᠠ ᠳᠠᠮᠠᠬᠢᠨ ᠭᠠᠯ ᠢ ᠬᠠᠶᠠᠵᠦ ᠪᠤᠯᠬᠤ ᠦᠭᠡᠢ᠂ ᠫᠤᠤᠵᠢᠩ | ᠳᠠᠯᠪᠢᠬᠤ ᠪᠤᠶᠤ ᠤᠴᠢ ᠤᠯᠠᠯᠵᠠᠭᠤᠯᠵᠦ ᠪᠤᠯᠬᠤ ᠦᠭᠡᠢ᠂ ᠭᠠᠯ ᠢᠶᠠᠷ ᠠᠷᠢᠶᠠᠳᠠᠨ ᠢ ᠤᠳᠤᠵᠦ ᠪᠤᠯᠬᠤ ᠦᠭᠡᠢ᠂ ᠭᠠᠯ | ᠨᠤᠴᠤᠭᠠᠵᠦ ᠳᠤᠯᠠᠭᠠᠴᠠᠬᠤ ᠪᠤᠶᠤ ᠰᠢᠷᠠᠮᠠᠯ ᠰᠢᠷᠠᠵᠦ ᠪᠤᠯᠬᠤ ᠦᠭᠡᠢ᠂ ᠭᠡᠤᠭᠡᠳ ᠭᠠᠯ ᠢᠶᠠᠷ ᠨᠠᠭᠠᠳᠴᠦ ᠪᠤᠯᠬᠤ ᠦᠭᠡᠢ᠃ | ᠬᠡᠷᠪᠡ ᠭᠠᠯ ᠲᠦᠢᠮᠡᠷ ᠤᠨ ᠠᠳᠡᠯ ᠭᠠᠷᠪᠡᠯ 12119 ᠪᠤᠶᠤ 3221814 ᠤᠳᠠᠰᠤ ᠪᠠᠷ ᠮᠡᠳᠡᠭᠳᠡᠬᠦ ᠬᠡᠷᠭᠳᠠᠢ᠃ | ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠷᠭ᠎ᠠ ᠭᠡᠪᠡᠯ ᠬᠤᠯᠠᠩ ᠳᠠᠭᠠᠨ ᠲᠤᠤᠷ ᠬᠢᠵᠤ᠂ | 5 ᠲᠡᠰ ᠠᠴᠠ ᠲᠡᠭᠡᠭᠰᠢ ᠰᠠᠯᠬᠢᠨ ᠳᠤ ᠭᠠᠯᠯᠠᠬᠤ ᠦᠭᠡᠢ᠂ ᠭᠠᠯ ᠲᠠᠢ ᠦᠨᠡᠰᠤ ᠬᠠᠶᠠᠬᠤ ᠦᠭᠡᠢ᠂ ᠡᠷᠤᠬᠡ ᠪᠦᠷᠢ | ᠦᠨᠡᠰᠤᠨ ᠨᠦᠬᠡ ᠲᠠᠢ ᠪᠠᠶᠢᠵᠤ᠂ ᠬᠡᠬᠡᠷ᠎ᠡ ᠭᠠᠳᠠᠨ᠎ᠠ ᠲᠠᠮᠠᠬᠢ ᠲᠠᠳᠠᠬᠤ ᠦᠭᠡᠢ᠂ ᠲᠠᠮᠠᠬᠢᠨ ᠶᠤᠵᠤᠭᠤᠷ ᠢᠶᠠᠨ ᠬᠠᠮᠢᠶ᠎ᠠ | ᠦᠭᠡᠢ ᠬᠠᠶᠠᠵᠤ ᠪᠤᠯᠬᠤ ᠦᠭᠡᠢ᠂ ᠨᠤᠳᠤᠭ ᠪᠡᠯᠴᠢᠭᠡᠷ ᠤᠢ ᠰᠢᠭᠤᠶᠢᠳᠤ ᠤᠷᠤᠨ ᠳᠤ ᠬᠡᠭᠦᠷ ᠤᠡᠭᠭᠤᠨ ᠳᠤ ᠴᠠᠭᠠᠰᠤ | ᠰᠢᠳᠠᠭᠠᠵᠤ ᠪᠤᠯᠬᠤ ᠦᠭᠡᠢ᠃ ᠡᠪᠡᠰᠤᠨ ᠤᠪᠤᠭ᠎ᠠ᠂ ᠫᠸᠡᠭ ᠰᠠᠷᠠᠪᠴᠢ᠂ ᠲᠦᠯᠡᠰᠢ ᠶᠢᠨ ᠤᠪᠤᠭᠠᠨ ᠤ ᠲᠡᠷᠭᠡᠳᠡ ᠫᠤᠤᠵᠢᠩ | ᠲᠠᠯᠪᠢᠵᠤ ᠪᠤᠯᠬᠤ ᠦᠭᠡᠢ᠃ ᠬᠡᠬᠡᠷ᠎ᠡ ᠭᠠᠳᠠᠨ᠎ᠠ ᠪᠡᠯᠴᠢᠭᠡᠷ᠂ ᠲᠠᠷᠢᠶᠠᠨ ᠭᠤᠤᠷᠰᠤ ᠵᠡᠷᠭᠡ ᠶᠢ ᠰᠢᠳᠠᠭᠠᠵᠤ ᠪᠤᠯᠬᠤ ᠦᠭᠡᠢ᠂ | ᠠᠡᠭ ᠠᠩᠨᠠᠬᠤ ᠪᠠ ᠲᠠᠯᠪᠡᠴᠢᠵᠤ ᠪᠤᠯᠬᠤ ᠦᠭᠡᠢ᠂ ᠲᠤᠭᠤᠭᠠᠯᠠᠬᠤ ᠪᠤᠶᠤ ᠰᠢᠷᠠᠮᠠᠯ ᠰᠢᠷᠠᠵᠤ ᠪᠤᠯᠬᠤ ᠦᠭᠡᠢ᠃ ᠡᠪᠡᠰᠤ᠂ | ᠨᠡᠬᠦᠷᠡᠰᠤ ᠵᠡᠷᠭᠡ ᠶᠢ ᠲᠡᠭᠡᠭᠡᠪᠤᠷᠢᠯᠡᠬᠦ ᠲᠡᠷᠭᠡ ᠡᠷᠬᠡᠪᠰᠢ ᠭᠠᠯ ᠰᠡᠷᠭᠡᠶᠢᠯᠡᠬᠦ ᠪᠦᠷᠬᠦᠪᠴᠢ ᠲᠠᠢ ᠪᠠᠶᠢᠬᠤ ᠬᠡᠷᠡᠭᠳᠠᠢ᠂ | ᠡᠰᠡᠪᠡᠯ ᠨᠡᠪᠳᠡᠷᠡᠬᠦ ᠶᠢ ᠴᠠᠭᠠᠵᠠᠯᠠᠨ᠎ᠠ᠃ ᠡᠪᠡᠰᠤ ᠬᠠᠳᠤᠵᠤ᠂ ᠲᠡᠬᠡᠬᠡᠪᠤᠷᠢᠯᠡᠵᠤ ᠨᠦᠬᠡᠴᠡᠯᠡᠬᠦ ᠳᠡᠭᠡᠨ ᠭᠠᠯ ᠢ ᠤᠨᠴᠡ | ᠬᠢᠴᠢᠶᠡᠬᠦ ᠬᠡᠷᠡᠭᠳᠠᠢ᠃ ᠦᠨᠳᠤᠷ ᠲᠠᠷᠤᠯᠳᠡ ᠲᠠᠢ ᠴᠠᠬᠢᠯᠭᠠᠨ ᠤᠳᠠᠰᠤᠨ ᠲᠡᠭᠡᠷ᠎ᠡ ᠰᠢᠪᠠᠭᠤ ᠡᠬᠦᠷᠯᠡᠵᠤ ᠭᠠᠯ | ᠭᠠᠷᠬᠤ ᠠᠴᠠ ᠰᠡᠷᠡᠮᠵᠢᠯᠡᠬᠦ ᠬᠡᠷᠡᠭᠳᠠᠢ᠃ ᠠᠶᠤᠩᠭ᠎ᠠ ᠨᠢᠷᠭᠡᠵᠤ ᠭᠠᠯ ᠭᠠᠷᠬᠤ ᠠᠴᠠ ᠰᠡᠷᠡᠮᠵᠢᠯᠡᠬᠦ ᠬᠡᠷᠡᠭᠳᠠᠢ᠃ ᠭᠠᠯᠳᠤ | ᠲᠡᠷᠭᠡ ᠶᠢᠨ ᠦᠷᠤᠯᠲᠡ ᠠᠴᠠ ᠭᠠᠯ ᠡᠬᠦᠰᠬᠦ ᠶᠢ ᠬᠢᠴᠢᠶᠡᠬᠦ ᠬᠡᠷᠡᠭᠳᠠᠢ᠃ ᠭᠠᠳᠠᠭᠰᠢ ᠭᠠᠷᠪᠡᠯ ᠰᠠᠯᠬᠢᠨ ᠬᠦᠴᠤᠨ ᠤ | ᠴᠠᠬᠢᠯᠭᠠᠨ ᠭᠠᠷᠭᠠᠬᠤ ᠮᠠᠰᠢᠨ ᠢ ᠠᠷᠭᠠᠮᠵᠢᠵᠤ ᠲᠠᠯᠪᠢᠬᠤ ᠬᠡᠷᠡᠭᠳᠠᠢ᠂ ᠡᠰᠡᠪᠡᠯ ᠭᠠᠯ ᠠᠯᠳᠠᠬᠤ ᠠᠶᠤᠯ ᠲᠠᠢ᠃ ᠠᠶᠢᠯ | ᠡᠷᠤᠬᠡ ᠨᠢ ᠭᠠᠴᠠᠭ᠎ᠠ᠂ ᠬᠤᠰᠢᠭᠤ ︵ᠰᠢᠶᠠᠨ︶᠂ ᠰᠤᠮᠤ᠂ ᠪᠠᠯᠭᠠᠰᠤ᠂ ᠲᠠᠯᠠᠪᠡᠢ᠂ ᠭᠠᠳᠠᠨ᠎ᠠ ᠠᠴᠠ ᠢᠷᠡᠭᠰᠡᠨ ᠠᠵᠤ | ᠠᠬᠤᠶᠢᠯᠡᠯ ᠲᠠᠢ ᠭᠠᠯ ᠰᠡᠷᠭᠡᠶᠢᠯᠡᠬᠦ ᠭᠡᠷ᠎ᠡ ᠲᠤᠭᠳᠠᠬᠤ ᠬᠡᠷᠡᠭᠳᠠᠢ᠃ | ᠭᠠᠯ ᠰᠡᠷᠭᠡᠶᠢᠯᠡᠬᠦ ᠰᠠᠯᠠᠭ᠎ᠠ ᠮᠦᠴᠢᠷ ᠨᠢ ᠭᠠᠯ ᠤᠨ ᠶᠡᠭᠡ ᠪᠠᠭ᠎ᠠ᠂ ᠭᠠᠵᠡᠷ ᠤᠨ ᠪᠠᠶᠢᠴᠡ ᠵᠡᠷᠭᠡ ᠪᠤᠲᠠᠲᠠᠢ | ᠪᠠᠶᠢᠳᠠᠯ ᠢ ᠦᠨᠳᠤᠰᠤᠯᠠᠵᠤ ᠭᠠᠯ ᠤᠨᠳᠠᠷᠠᠭᠠᠬᠤ ᠠᠵᠢᠯ ᠢ ᠪᠠᠶᠢᠷᠢᠯᠠᠭᠤᠯᠤᠨ᠎ᠠ᠃ ᠡᠩ ᠤᠨ ᠭᠠᠯ ᠢ ᠰᠤᠮᠤ᠂ | ᠭᠠᠴᠠᠭᠠᠨ ᠠᠴᠠ ᠠᠷᠭᠠᠴᠠᠭᠠᠵᠤ᠂ ᠨᠡᠯᠢᠶᠡᠳ ᠶᠡᠭᠡ ᠭᠠᠯ ᠢ ᠬᠤᠰᠢᠭᠤ ᠰᠢᠶᠠᠨ ᠤ ᠤᠢ ᠰᠢᠭᠤᠢ ᠶᠢᠨ ᠴᠠᠭᠳᠠᠭ᠎ᠠ ᠪᠤᠯᠤᠨ | ᠲᠤᠰᠬᠠᠢ ᠭᠠᠯ ᠤᠨᠳᠠᠷᠠᠭᠠᠬᠤ ᠠᠩᠭᠢ ᠤᠨᠳᠠᠷᠠᠭᠠᠨ᠎ᠠ᠃ ᠭᠠᠯ ᠴᠤᠬᠢᠬᠤ ᠳᠠᠭᠠᠨ ᠰᠠᠯᠬᠢᠨ ᠤᠷᠤᠭᠤ ᠴᠤᠬᠢᠨ᠎ᠠ᠂ ᠬᠠᠷᠢᠨ | ᠲᠦᠢᠮᠡᠷ ᠤᠨ ᠦᠭᠡᠳᠡ ᠠᠴᠠ ᠴᠤᠬᠢᠵᠤ ᠪᠤᠯᠬᠤ ᠦᠭᠡᠢ᠃ ᠴᠤᠬᠢᠵᠤ ᠪᠤᠯᠬᠤ ᠭᠠᠯ ᠲᠦᠢᠮᠡᠷ ᠲᠤᠬᠢᠶᠠᠯᠳᠤᠪᠡᠯ ᠬᠦᠷᠵᠡ᠂ | ᠰᠢᠬᠦᠷ ᠡᠰᠡᠬᠦᠯ᠎ᠡ ᠭᠠᠯ ᠤᠨᠳᠠᠷᠠᠭᠠᠬᠤ ᠮᠠᠰᠢᠨ ᠢᠶᠠᠷ ᠤᠨᠳᠠᠷᠠᠭᠠᠬᠤ ᠬᠡᠷᠡᠭᠳᠠᠢ᠃ ᠶᠡᠭᠡ ᠲᠦᠢᠮᠡᠷ ᠲᠤᠬᠢᠶᠠᠯᠳᠤᠪᠡᠯ | ᠤᠳᠤᠷᠢᠳᠤᠯᠭ᠎ᠠ ᠲᠠᠢ᠂ ᠵᠤᠬᠢᠶᠠᠨ ᠪᠠᠶᠢᠭᠤᠯᠤᠯᠳᠡ ᠲᠠᠢ᠂ ᠭᠠᠯ ᠤᠨᠳᠠᠷᠠᠭᠠᠬᠤ ᠠᠩᠭᠢ ᠶᠢᠨ ᠬᠠᠮᠳᠤ ᠭᠠᠯ ᠤᠨᠳᠠᠷᠠᠭᠠᠬᠤ | ᠬᠡᠷᠡᠭᠲᠡᠢ᠃ ᠵᠠᠪᠳᠤᠭ᠎ᠠ ᠲᠠᠢ ᠦᠶ᠎ᠡ ᠳᠤ ᠫᠸᠡᠭ ᠬᠤᠷᠤᠭ᠎ᠠ ᠭᠡᠷ ᠰᠠᠷᠡᠪᠴᠢ ᠪᠠᠨ ᠬᠠᠮᠠᠭᠠᠯᠠᠬᠤ ᠴᠠᠷᠠᠭ᠎ᠠ ᠲᠠᠯᠪᠢᠵᠤ | ᠪᠤᠯᠤᠨ᠎ᠠ᠂ ᠶᠡᠭᠡ ᠲᠦᠢᠮᠡᠷ ᠢ ᠭᠠᠭᠴᠡ ᠬᠤᠶᠠᠷ ᠬᠦᠮᠤᠨ ᠴᠤᠬᠢᠵᠤ ᠪᠤᠯᠬᠤ ᠦᠬᠡᠢ᠃ | | |