ᠴᠢᠯᠦᠭᠡ ᠲᠠᠯᠪᠢᠬᠤ ᠲᠤᠬᠠᠢ ᠮᠡᠳᠡᠭᠳᠡᠯ︕
ᠨᠡᠶᠢᠲᠡᠯᠡᠭᠰᠡᠨ ᠴᠠᠭ᠄
2022/3/31
     ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ 2022 ᠣᠨ ᠤ ᠬᠠᠩᠰᠢ ᠶᠢᠨ ᠠᠮᠠᠷᠠᠯᠲᠠ ᠶᠢ ᠳᠤᠤᠷᠠᠬᠢ ᠮᠡᠲᠦ ᠲᠣᠬᠢᠷᠠᠭᠤᠯᠪᠠ᠄      4 ᠰᠠᠷ᠎ᠠ ᠶᠢᠨ 3 ᠤ ᠡᠳᠦᠷ ︵ᠭᠠᠷᠠᠭ ᠤᠨ ᠡᠳᠦᠷ︶ ᠠᠴᠠ 5 ᠤ ᠡᠳᠦᠷ ︵ᠭᠠᠷᠠᠭ ᠤᠨ ᠬᠤᠶᠠᠷ︶ ᠪᠣᠯᠲᠠᠯ᠎ᠠ 3 ᠡᠳᠦᠷ ᠠᠮᠠᠷᠠᠨ᠎ᠠ᠂ 4 ᠰᠠᠷ᠎ᠠ ᠶᠢᠨ 2 ᠤᠨ ᠡᠳᠦᠷ ︵ᠭᠠᠷᠠᠭ ᠤᠨ ᠵᠢᠷᠭᠤᠭᠠᠨ︶ ᠠᠵᠢᠯᠯᠠᠨ᠎ᠠ᠃      4 ᠰᠠᠷ᠎ᠠ ᠶᠢᠨ 3 ᠤ ᠡᠳᠦᠷ ᠤᠨ 0 ᠴᠠᠭ ᠠᠴᠠ 4 ᠰᠠᠷ᠎ᠠ ᠶᠢᠨ 5 ᠤ ᠡᠳᠦᠷ ᠤᠨ 24 ᠴᠠᠭ ᠪᠣᠯᠲᠠᠯ᠎ᠠ ᠨᠡᠶᠢᠲᠡ 3 ᠡᠳᠦᠷ ᠲᠦᠷᠭᠡᠨ ᠳᠠᠪᠬᠢᠬᠤ ᠵᠠᠰᠠᠮᠠᠯ ᠵᠠᠮ ᠵᠠᠷᠤᠳᠠᠯ ᠬᠤᠷᠢᠶᠠᠬᠤ ᠦᠭᠡᠢ᠃ 4 ᠰᠠᠷ᠎ᠠ ᠶᠢᠨ 5 ᠤ ᠡᠳᠦᠷ ᠤᠨ 24 ᠴᠠᠭ ᠠᠴᠠ ᠬᠤᠶᠢᠰᠢ ᠵᠠᠷᠤᠳᠠᠯ ᠬᠤᠷᠢᠶᠠᠨ᠎ᠠ᠂ ᠡᠭᠦᠨ ᠢ ᠲᠡᠷᠭᠡᠨ ᠤ ᠵᠠᠷᠤᠳᠠᠯ ᠬᠤᠷᠢᠶᠠᠬᠤ ᠲᠡᠷᠭᠡᠨ ᠵᠠᠮ ᠠᠴᠠ ᠭᠠᠷᠤᠭᠰᠠᠨ ᠴᠠᠭ ᠢᠶᠠᠷ ᠪᠠᠷᠢᠮᠵᠢᠶ᠎ᠠ ᠪᠣᠯᠭᠠᠨ᠎ᠠ᠃      ︽ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ ᠰᠠᠯᠠᠭ᠎ᠠ ᠮᠥᠴᠢᠷ ᠤᠨ ᠴᠢᠬᠤᠯᠠ ᠶᠡᠭᠡ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠲᠤ ᠵᠢᠵᠢᠭ ᠬᠡᠯᠪᠡᠷᠢ ᠶᠢᠨ ᠠᠶᠠᠨᠴᠢᠳ ᠤᠨ ᠲᠡᠷᠭᠡ ᠨᠡᠪᠲᠡᠷᠡᠬᠦ ᠵᠠᠷᠤᠳᠠᠯ ᠥᠯᠥ ᠬᠤᠷᠢᠶᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠵᠢᠭᠦᠯᠬᠦ ᠲᠥᠰᠦᠯ ᠢ ᠴᠤᠬᠤᠯᠠᠪᠤᠷᠢᠯᠠᠨ ᠤᠯᠠᠮᠵᠢᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠢ ᠦᠨᠳᠦᠰᠦᠯᠡᠪᠡᠯ᠂ ᠵᠠᠷᠤᠳᠠᠯ ᠬᠤᠷᠢᠶᠠᠬᠤ ᠦᠭᠡᠶ ᠲᠡᠷᠭᠡ ᠬᠥᠰᠬᠡ ᠶᠢᠨ ᠬᠡᠪᠴᠢᠶ᠎ᠡ ᠪᠣᠯ᠄ ᠵᠠᠷᠤᠳᠠᠯ ᠬᠤᠷᠢᠶᠠᠬᠤ ᠵᠠᠰᠠᠮᠠᠯ ᠵᠠᠮ ᠢᠶᠠᠷ 7 ᠰᠠᠭᠤᠳᠠᠯ ᠠᠴᠠ ᠳᠣᠷᠣᠭᠰᠢ ︵7 ᠰᠠᠭᠤᠳᠠᠯ ᠪᠠᠭᠲᠠᠨ᠎ᠠ︶ ᠠᠶᠠᠨᠴᠢᠳ ᠲᠡᠭᠡᠭᠡᠪᠦᠷᠢᠯᠡᠬᠦ ᠲᠡᠷᠭᠡ ᠬᠥᠰᠬᠡ᠂ ᠡᠭᠦᠨ ᠳᠤ ᠡᠩ ᠤᠨ ᠵᠠᠷᠤᠳᠠᠯ ᠬᠤᠷᠢᠶᠠᠬᠤ ᠵᠠᠰᠠᠮᠠᠯ ᠵᠠᠮ ᠢᠶᠠᠷ ᠶᠠᠪᠤᠬᠤ ᠶᠢ ᠵᠥᠪᠰᠢᠶᠡᠷᠡᠬᠦ ᠮᠣᠲ᠋ᠣᠷ ᠲᠡᠷᠭᠡ ᠪᠠᠭᠲᠠᠨ᠎ᠠ᠃ 8 ᠰᠠᠭᠤᠳᠠᠯ ᠲᠠᠢ ᠪᠠ 9 ᠰᠠᠭᠤᠳᠠᠯ ᠲᠠᠢ ᠵᠢᠵᠢᠭ ᠰᠠᠭᠤᠳᠠᠯ ᠤᠨ ᠮᠠᠰᠢᠨ ᠲᠡᠷᠭᠡ ᠪᠣᠯ ᠳᠡᠭᠡᠷ᠎ᠡ ᠳᠤᠷᠠᠳᠤᠭᠰᠠᠨ ᠲᠣᠭᠲᠠᠭᠠᠯ ᠤᠨ ᠬᠡᠪᠴᠢᠶᠡᠨ ᠳᠤ ᠪᠠᠭᠲᠠᠬᠤ ᠦᠭᠡᠢ︔ 8 ᠰᠠᠭᠤᠳᠠᠯ ᠲᠠᠢ ᠪᠠ 8 ᠰᠠᠭᠤᠳᠠᠯ ᠠᠴᠠ ᠳᠡᠭᠡᠭᠰᠢ ᠠᠶᠠᠨᠴᠢᠨ ᠤ ᠮᠠᠰᠢᠨ ᠲᠡᠷᠭᠡ ᠵᠢᠴᠢ ᠡᠯ᠎ᠡ ᠲᠥᠷᠥᠯ ᠤᠨ ᠠᠴᠢᠶᠠᠨ ᠤ ᠮᠠᠰᠢᠨ ᠲᠡᠷᠭᠡ ᠪᠠ ᠠᠶᠠᠨᠴᠢᠳ ᠪᠠᠷᠠᠭ᠎ᠠ ᠬᠤᠶᠠᠷ ᠬᠡᠷᠡᠭᠴᠡᠭᠡᠲᠦ ᠮᠠᠰᠢᠨ ᠲᠡᠷᠭᠡ ᠴᠥᠮ ᠵᠠᠷᠤᠳᠠᠯ ᠬᠤᠷᠢᠶᠠᠬᠤ ᠥᠬᠡᠶ ᠬᠡᠪᠴᠢᠶᠡᠨ ᠳᠤ ᠪᠠᠭᠲᠠᠬᠤ ᠦᠭᠡᠢ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号