3 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠭᠡᠭᠡᠯᠳᠡ ᠶᠢᠨ ᠲᠤᠭᠤᠷᠢᠭ ᠤᠨ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠵᠤ ᠥᠪᠡᠰᠦᠪᠡᠨ ᠪᠠᠶᠢᠴᠠᠭᠠᠭᠰᠠᠨ ᠪᠠ ᠱᠠᠯᠠᠪᠳᠠᠭᠤᠯᠤᠨ ᠵᠢᠯᠣᠭᠤᠳᠴᠤ ᠬᠠᠷᠭᠤᠭᠤᠯᠤᠨ | ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ | ᠦᠭᠡᠷᠡᠴᠢᠯᠡᠬᠦ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ | ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ | ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠭᠢᠯᠡᠵᠦ᠂ ᠥᠪᠡᠷᠲᠡᠭᠡᠨ | ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠬᠤᠷᠠᠯ ᠳᠤ ᠣᠷᠣᠯᠴᠠᠵᠠᠶ᠃ | ᠬᠤᠷᠠᠯ ᠠᠴᠠ᠂ ᠨᠡᠬᠡᠬᠡᠯᠳᠡ ᠶᠢᠨ ᠲᠤᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠪᠣᠯ | ᠨᠡᠭᠡᠭᠡᠯᠳᠡ ᠶᠢᠨ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ᠂ | ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ | ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ | ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠷ ᠨᠡᠬᠡᠬᠡᠯᠳᠡ ᠶᠢᠨ ᠲᠤᠭᠤᠷᠢᠭ ᠤᠨ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠡᠭᠡᠭᠡᠯᠳᠡ ᠶᠢᠨ ᠲᠤᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ | ᠳᠠᠶᠢᠴᠢᠯᠠᠯᠲᠠ᠂ ᠥᠪᠡᠰᠦᠪᠡᠨ ᠪᠠᠶᠢᠴᠠᠭᠠᠬᠤ᠂ ᠬᠠᠷᠭᠤᠭᠤᠯᠤᠨ ᠪᠠᠶᠢᠴᠠᠭᠠᠬᠤ ᠱᠠᠲᠤ ᠶᠢ ᠦᠩᠬᠡᠷᠡᠭᠡᠭᠡᠳ ᠲᠤᠰᠬᠠᠶ | ᠴᠡᠭᠴᠡᠯᠡᠨ ᠵᠠᠰᠠᠬᠤ ᠱᠠᠲᠤᠨ ᠳᠤ ᠣᠷᠣᠪᠠ᠃ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ | ᠪᠣᠳᠠᠲᠠᠶᠢᠵᠢᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠵᠠᠳᠠᠯᠤᠭᠰᠠᠨ ᠠᠰᠠᠭᠤᠳᠠᠯ ᠤᠨ ᠨᠠᠷᠢᠨ ᠲᠠᠩᠰᠠ ᠶᠢ ᠬᠠᠷᠢᠭᠤᠴᠠᠯᠭᠠᠲᠤ | ᠰᠠᠯᠠᠭ᠎ᠠ ᠮᠥᠴᠢᠷ᠂ ᠬᠠᠷᠢᠭᠤᠴᠠᠯᠭᠠᠳᠤ ᠬᠦᠮᠦᠨ ᠳᠤ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠮᠢᠶᠠᠷᠬᠤ ᠬᠥᠮᠦᠨ ᠲᠠᠢ᠂ ᠨᠠᠶᠢᠳᠠᠪᠤᠷᠢᠵᠢᠭᠤᠯᠵᠤ ᠳᠡᠶᠢᠯᠬᠦ᠂ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠶ᠃ ᠵᠠᠩᠭᠢᠯᠠᠭ᠎ᠠ ᠶᠢᠨ ᠠᠰᠠᠭᠤᠳᠠᠯ ᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ | ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠨᠠᠷᠢᠨ ᠲᠠᠩᠰᠠ ᠶᠢ ᠡᠮᠬᠢᠯᠡᠵᠦ᠂ ᠪᠦᠬᠦ ᠠᠰᠠᠭᠤᠳᠠᠯ ᠢ ᠴᠡᠭᠴᠡᠯᠡᠨ | ᠵᠠᠰᠠᠵᠤ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ᠃ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠪᠠᠷ ᠲᠦᠷᠢᠮ ᠢ ᠲᠡᠭᠦᠯᠳᠡᠷᠵᠢᠭᠦᠯᠦᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠬᠠᠮᠢᠶᠠᠷᠤᠯᠲᠠ ᠶᠢᠨ ᠳᠤᠲᠠᠭᠳᠠᠯ ᠢ ᠦᠨᠡᠨ ᠬᠦ ᠨᠥᠬᠦᠪᠥᠷᠢᠯᠡᠵᠦ᠂ ᠲᠦᠷᠢᠮ ᠢ ᠴᠢᠩᠭᠠᠳᠬᠠᠬᠤ ᠬᠡᠷᠡᠭᠲᠡᠢ ᠭᠡᠵᠦ | ᠴᠢᠬᠤᠯᠠᠴᠢᠯᠠᠪᠠ᠃ | |