3 ᠳ᠋ᠤᠭᠠᠷ ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠶᠤᠯ | ᠦᠭᠡᠢ ᠦᠢᠯᠡᠳᠪᠦᠷᠢᠯᠡᠯ ᠤᠨ ᠵᠥᠪᠯᠡᠯ ᠤᠨ ᠪᠥᠬᠦᠳᠡ ᠬᠤᠷᠠᠯ ᠢ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ | ᠬᠤᠷᠠᠯ ᠪᠠ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ 2021 | ᠣᠨ ᠤ ᠪᠥᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠳ᠋ᠦᠩᠨᠡᠵᠦ᠂ 2021 | ᠣᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠨ ᠰᠢᠯᠭᠠᠭᠰᠠᠨ ᠦᠷ᠎ᠡ ᠳ᠋ᠦᠩ ᠢ ᠵᠠᠷᠯᠠᠨ ᠮᠡᠳᠡᠭᠳᠡᠭᠡᠳ᠂ | ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ 2022 ᠣᠨ ᠤ ᠠᠵᠢᠯ ᠤᠨ | ᠭᠤᠤᠯᠳᠠᠯᠭ᠎ᠠ ᠶᠢ ᠬᠢᠨᠠᠨ ᠵᠥᠪᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ | ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠬᠤᠸᠠᠩ ᡁᠢ ᠴᠢᠶᠠᠩ ᠬᠤᠷᠠᠯ ᠢ ᠡᠷᠬᠢᠯᠡᠭᠰᠡᠨ | ᠪᠥᠭᠡᠳ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠠᠶᠤᠯ ᠦᠭᠡᠢ ᠦᠢᠯᠡᠳᠪᠦᠷᠢᠯᠡᠯ ᠨᠢ ᠠᠷᠠᠳ ᠲᠦᠮᠡᠨ ᠤ ᠵᠣᠯ ᠵᠢᠷᠭᠠᠯ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠨ᠎ᠠ᠃ ᠡᠯ᠎ᠡ ᠰᠠᠯᠠᠭ᠎ᠠ ᠮᠥᠴᠢᠷ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ | ᠲᠤᠬᠠᠢ ᠴᠢᠬᠤᠯᠠ ᠥᠭᠦᠯᠡᠯᠲᠡ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠨᠠᠭᠠᠰᠢᠷᠠᠯ ᠤᠨ ᠤᠬᠠᠮᠰᠠᠷ᠂ | ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠤᠬᠠᠮᠰᠠᠷ ᠢᠶᠠᠨ ᠢᠮᠠᠭᠲᠠ ᠴᠢᠩᠭᠠᠳᠬᠠᠨ᠂ ᠠᠶᠤᠯ | ᠦᠭᠡᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠨᠡᠩ ᠡᠷᠡᠰ ᠴᠢᠩᠭ᠎ᠠ ᠣᠪᠣᠷ᠂ | ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠠᠶᠤᠯ ᠦᠭᠡᠢ | ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠨ ᠭᠠᠷᠭᠠᠵᠠᠢ᠃ | | ᠬᠤᠷᠠᠯ ᠳᠤ ᠴᠢᠬᠤᠯᠠᠴᠢᠯᠠᠭᠰᠠᠨ ᠨᠢ᠂ ᠡᠨᠡ ᠵᠢᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ | ᠬᠠᠷᠠᠯᠲᠠ ᠡᠭᠦᠷᠭᠡ ᠶᠢ ᠲᠣᠳᠣᠷᠬᠠᠢ ᠡᠵᠡᠮᠳᠡᠵᠦ᠂ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠦᠨ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ | ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠠᠰᠠᠭᠤᠳᠠᠯ ᠢ ᠳᠤᠪᠤᠶᠢᠯᠭᠠᠵᠤ᠂ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠢᠨᠠᠨ ᠵᠢᠯᠣᠭᠤᠳᠴᠤ | ᠪᠠᠶᠢᠴᠠᠭᠠᠬᠤ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ | ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠬᠦ | ᠬᠦᠴᠦᠨ ᠢᠶᠠᠷ ᠢᠶᠠᠨ ᠰᠡᠷᠭᠡᠶᠢᠯᠡᠨ ᠡᠵᠡᠮᠳᠡᠬᠦ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ᠂ ᠬᠠᠷᠢᠶ᠎ᠠ ᠣᠷᠣᠨ ᠤ | ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠱᠠᠯᠠᠪᠳᠠᠭᠤᠯᠤᠨ᠂ | ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠭᠤᠣᠯᠳᠠᠯᠭ᠎ᠠ ᠲᠠᠢ | ᠭᠡᠰᠢᠭᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ |