ᠬᠤᠰᠢᠭᠤᠨ ᠤ ᠵᠠᠰᠠᠭ ᠤᠨ ᠣᠷᠳᠣᠨ 2022 ᠣᠨ ᠤ ᠬᠤᠶᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/9
     3 ᠰᠠᠷ᠎ᠠ ᠶᠢᠨ 8 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ 2022 ᠣᠨ ᠤ ᠬᠤᠶᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠨᠠᠮ ᠵᠠᠰᠠᠭ ᠤᠨ ᠠᠵᠢᠯᠯᠠᠬᠤ ᠠᠰᠠᠷ ᠤᠨ ᠨᠢᠭᠡᠳᠦᠭᠡᠷ ᠳᠠᠪᠬᠤᠷᠭ᠎ᠠ ᠶᠢᠨ ᠬᠤᠷᠠᠯ ᠤᠨ ᠭᠡᠷ ᠲᠤ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠥᠸᠧ ᠴᠧᠩ ᠭᠤᠸᠠᠩ ᠬᠤᠷᠠᠯ ᠡᠷᠭᠢᠯᠡᠵᠦ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠲᠢᠶᠠᠨ ᠹᠧᠩ ᠯᠢᠨ᠂ ᠳᠠᠯᠠᠶᠢᠪᠠᠲᠤ᠂ ᠳ᠋ᠢᠩ ᠸᠠᠨ ᠶᠦᠩ ᠬᠤᠷᠠᠯ ᠳᠤ ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠤᠯᠠᠭᠠᠨᠲᠤᠶᠠᠭ᠎ᠠ ᠬᠤᠷᠠᠯ ᠳᠤ ᠰᠤᠯᠠ ᠣᠷᠣᠯᠴᠠᠪᠠ᠃
     ᠬᠤᠷᠠᠯ ᠠᠴᠠ ︽ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ ᠠᠭᠤᠤ ᠶᠡᠭᠡ ᠡᠬᠡ ᠤᠯᠤᠰ ᠢᠶᠠᠨ ᠬᠠᠮᠲᠤᠪᠠᠷ ᠪᠦᠲᠦᠭᠡᠨ ᠪᠠᠶᠢᠭᠤᠯᠵᠤ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤᠪᠠᠷ ᠴᠣᠭᠴᠠᠯᠠᠶ᠎ᠠ︾ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠬᠡᠷᠡᠭᠲᠡᠢ︾᠂ ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠢ ᠬᠠᠮᠲᠤᠪᠠᠷ ᠰᠤᠷᠤᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠭᠡᠰᠡᠨ ᠦᠭᠡ ᠪᠠᠷ ᠠᠵᠢᠯ ᠤᠨ ᠬᠦᠳᠡᠯᠭᠡᠬᠦ ᠬᠦᠴᠦᠨ ᠪᠣᠯᠭᠠᠵᠤ᠂ ᠨᠠᠮ ᠤᠨ ᠲᠡᠦᠬᠡᠨ ᠲᠤᠷᠰᠢᠯᠭ᠎ᠠ ᠶᠢ ᠦᠨᠡᠨᠬᠦ ᠰᠠᠶᠢᠲᠤᠷ ᠠᠰᠢᠭᠯᠠᠵᠤ᠂ ᠲᠡᠦᠬᠡ ᠶᠢᠨ ᠬᠥᠭᠵᠢᠯᠲᠡ ᠶᠢᠨ ᠵᠢᠮ᠎ᠡ ᠶᠣᠰᠣ ᠶᠢ ᠳᠠᠭᠠᠵᠤ᠂ ᠴᠠᠭ ᠦᠶ᠎ᠡ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠰᠡᠳᠬᠢᠴᠡ ᠪᠠᠨ ᠲᠥᠯᠥᠪᠵᠢᠭᠦᠯᠵᠦ᠂ ᠠᠷᠭᠠᠴᠠᠬᠤ ᠪᠣᠳᠣᠯᠭ᠎ᠠ ᠳᠤᠷᠠᠳᠴᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠲᠦᠭᠡᠯᠴᠢ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠥᠭᠵᠢᠯᠲᠡ ᠶᠢᠨ ᠳᠠᠪᠠᠭᠤᠯᠢᠭ ᠢ ᠪᠠᠲᠤᠳᠬᠠᠵᠤ᠂ ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ ᠣᠰᠣᠯᠳᠠᠬᠤ ᠦᠭᠡᠢ᠂ ᠴᠠᠭ ᠦᠶ᠎ᠡ ᠳᠡᠭᠡᠨ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号