ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠥᠯᠥᠨ ᠪᠤᠶᠢᠷ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠬᠡᠷᠦᠯᠦᠨ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/4/11
     ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠥᠯᠥᠨ ᠪᠤᠶᠢᠷ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠢᠨ ᠮᠠᠨ ᠤ ᠬᠤᠰᠢᠭᠤᠨ ᠤ ᠬᠡᠷᠦᠯᠦᠨ ᠰᠤᠮᠤᠨ ᠳᠤ ᠭᠦᠨᠵᠡᠭᠡᠶᠢᠷᠡᠨ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ᠂ ᠲᠥᠯ ᠲᠤᠰᠴᠤ ᠪᠣᠶᠢᠵᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠡᠷᠦᠯᠦᠨ ᠰᠣᠮᠣᠨ ᠳᠤ ᠬᠦᠷᠴᠦ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ︽ᠨᠠᠢᠮᠠ ᠶᠢ ᠪᠦᠷᠢᠳᠦᠭᠦᠯᠵᠦ ᠨᠠᠢᠮᠠ ᠶᠢ ᠳᠦᠷᠢᠮᠵᠢᠭᠦᠯᠬᠦ︾ ᠠᠵᠢᠯ ᠢ ᠪᠠᠶᠢᠴᠠᠭᠠᠨ ᠪᠦᠷᠢᠳᠬᠡᠵᠦ᠂ ᠬᠡᠷᠦᠯᠦᠨ ᠰᠤᠮᠤ ᠶᠢᠨ ᠲᠤᠭ᠎ᠠ ᠪᠦᠷᠢᠳᠬᠡᠯ ᠤᠨ ᠠᠵᠢᠯ ᠳᠤ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ︽ᠨᠠᠢᠮᠠ ᠶᠢ ᠪᠦᠷᠢᠳᠦᠭᠦᠯᠵᠦ ᠨᠠᠢᠮᠠ ᠶᠢ ᠳᠦᠷᠢᠮᠵᠢᠭᠦᠯᠬᠦ︾ ᠠᠵᠢᠯ ᠢ ᠪᠠᠶᠢᠩᠭᠤᠵᠢᠭᠤᠯᠤᠨ ᠠᠬᠢᠭᠤᠯᠬᠤ ᠵᠢᠴᠢ ᠳᠡᠰ ᠳᠡᠪᠰᠢᠭᠦᠯᠬᠦ ᠲᠤᠬᠠᠢ ᠵᠢᠯᠤᠭᠤᠳᠬᠤ ᠰᠠᠨᠠᠯ ᠳᠤᠷᠠᠳᠴᠠᠢ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠡᠷᠦᠯᠦᠨ ᠰᠤᠮᠤ ᠶᠢᠨ ᠮᠡᠷᠭᠦᠴᠡᠭ ᠨᠡᠶᠢᠭᠡᠮ ᠲᠣᠭᠤᠷᠢᠭ᠂ ᠪᠠᠶᠠᠨ ᠭᠠᠴᠠᠭ᠎ᠠ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ᠂ ᠭᠠᠴᠠᠭᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠠᠴᠠᠭᠠᠨ ᠤ ᠲᠤᠭ᠎ᠠ ᠪᠦᠷᠢᠳᠬᠡᠯ ᠤᠨ ᠠᠵᠢᠯ ᠥᠷᠨᠢᠭᠦᠯᠬᠦ ᠬᠠᠷᠢᠭᠤᠴᠠᠯᠭ᠎ᠠ ᠪᠠ ᠡᠭᠦᠷᠭᠡ ᠶᠢ ᠳᠠᠬᠢᠨᠲᠠ ᠴᠢᠬᠤᠯᠠᠴᠢᠯᠠᠭᠰᠠᠨ ᠪᠥᠭᠡᠳ ᠭᠠᠴᠠᠭ᠎ᠠ᠂ ᠨᠡᠶᠢᠭᠡᠮ ᠲᠣᠭᠤᠷᠢᠭ ᠤᠨ ᠮᠡᠳᠡᠭᠦᠯᠬᠦ ᠬᠦᠰᠦᠨᠦᠭᠲᠦ ᠶᠢᠨ ᠲᠤᠭ᠎ᠠ ᠪᠠᠷᠢᠮᠲᠠ᠂ ᠠᠩᠬᠠᠨ ᠤ ᠮᠠᠲ᠋ᠧᠷᠢᠶᠠᠯ ᠢ ᠵᠢᠷᠤᠮᠵᠢᠭᠤᠯᠤᠨ ᠲᠠᠩᠰᠠ ᠡᠪᠬᠡᠮᠡᠯ ᠳᠤ ᠣᠷᠣᠭᠤᠯᠬᠤ ᠶᠢᠨ ᠴᠢᠬᠤᠯᠠ ᠴᠢᠨᠠᠷ ᠢ ᠨᠠᠷᠢᠯᠢᠭ ᠲᠠᠶᠢᠯᠪᠤᠷᠢᠯᠠᠵᠤ᠂ ᠭᠠᠴᠠᠭᠠᠨ ᠤ ᠱᠠᠲᠤᠨ ᠤ ᠮᠡᠳᠡᠭᠦᠯᠬᠦ ᠬᠦᠰᠦᠨᠦᠭᠲᠦ ᠶᠢᠨ ᠲᠤᠭ᠎ᠠ ᠪᠠᠷᠢᠮᠲᠠ ᠶᠢᠨ ᠡᠯᠧᠺᠲᠷᠣᠨ ᠡᠬᠡ ᠲᠠᠩᠰᠠ᠂ ᠵᠢᠷᠤᠮᠵᠢᠭᠤᠯᠤᠨ ᠬᠠᠳᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃
     ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠬᠡᠷᠦᠯᠦᠨ ᠰᠤᠮᠤ ᠶᠢᠨ ᠰᠠᠷᠠᠭᠤᠯ ᠭᠠᠴᠠᠭ᠎ᠠ᠂ ᠮᠠᠩᠯᠠᠢ ᠭᠠᠴᠠᠭ᠎ᠠ ᠶᠢᠨ ᠮᠠᠯ ᠠᠵᠤ ᠠᠬᠤᠢ ᠶᠢᠨ ᠬᠤᠷᠰᠢᠶᠠᠵᠢᠯ ᠤᠨ ᠮᠠᠯ ᠤᠨᠤᠭ᠎ᠠ ᠲᠡᠵᠢᠭᠡᠨ ᠦᠷᠡᠵᠢᠭᠦᠯᠬᠦ᠂ ᠲᠥᠯ ᠲᠤᠰᠴᠤ ᠪᠠᠶᠢᠭ᠎ᠠ ᠪᠠᠶᠢᠳᠠᠯ ᠢ ᠣᠶᠢᠯᠠᠭᠠᠪᠠ᠃ ᠣᠳᠣᠬᠠᠨ ᠳᠤ ᠲᠥᠯ ᠮᠠᠯ ᠤᠨ ᠪᠣᠶᠢᠵᠢᠯᠲᠠ ᠶᠢᠨ ᠪᠠᠶᠢᠳᠠᠯ ᠨᠡᠯᠢᠶᠡᠳ ᠰᠠᠶᠢᠨ ᠪᠠᠶᠢᠵᠤ᠂ ᠨᠢᠭᠡᠨᠲᠡ ᠪᠡᠯᠡᠳᠬᠡᠯ ᠠᠵᠢᠯ ᠢ ᠭᠦᠢᠴᠡᠳ ᠬᠢᠵᠡᠢ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠬᠠᠨ᠂ ᠬᠤᠨᠢ ᠮᠠᠯ ᠤᠨ ᠬᠠᠰᠢᠶ᠎ᠠ ᠰᠠᠷᠠᠪᠴᠢ ᠶᠢ ᠰᠡᠯᠪᠢᠨ ᠵᠠᠰᠠᠵᠤ ᠪᠠᠬᠢᠵᠢᠭᠦᠯᠦᠨ᠂ ᠡᠪᠡᠰᠦ ᠪᠣᠷᠳᠤᠭ᠎ᠠ ᠶᠢᠨ ᠨᠥᠭᠡᠴᠡ ᠶᠢ ᠪᠠᠲᠤᠯᠠᠪᠠ︔ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠮᠠᠯ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠮᠠᠭᠤᠳᠠᠬᠤ᠂ ᠡᠬᠡ ᠮᠠᠯ ᠤᠨ ᠬᠡᠭᠡᠯ ᠬᠠᠶᠠᠬᠤ ᠪᠠᠶᠢᠳᠠᠯ ᠢ ᠪᠠᠭᠠᠰᠬᠠᠪᠠ ᠭᠡᠵᠦ ᠮᠠᠯᠴᠢᠳ ᠶᠠᠷᠢᠵᠠᠭᠠᠵᠤ ᠪᠠᠶᠢᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠲᠥᠯ ᠲᠤᠰᠴᠤ ᠪᠣᠶᠢᠵᠢᠭᠤᠯᠬᠤ ᠠᠵᠢᠯ ᠢ ᠰᠠᠶᠢᠲᠤᠷ ᠬᠢᠵᠦ᠂ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号