ᠥᠨᠥ ᠵᠢᠯ ᠤᠨ 4 ᠰᠠᠷ᠎ᠠ ᠶᠢᠨ 15 ᠤ ᠡᠳᠦᠷ ᠪᠣᠯ ᠳᠣᠯᠣᠳᠤᠭᠠᠷ ᠤᠳᠠᠭᠠᠨ ᠤ ᠪᠦᠬᠦ ᠠᠷᠠᠳ ᠤᠨ | ᠤᠯᠤᠰ ᠤᠨ ᠠᠮᠤᠷ ᠲᠦᠪᠰᠢᠨ ᠤ ᠬᠦᠮᠦᠵᠢᠯ ᠤᠨ ᠡᠳᠦᠷ ᠪᠣᠯᠣᠨ᠎ᠠ᠃ ᠲᠤᠰ ᠡᠳᠦᠷ ᠮᠠᠨ ᠤ ᠬᠤᠰᠢᠭᠤ ︽ᠤᠯᠤᠰ ᠤᠨ | ᠠᠮᠤᠷᠲᠤ ᠲᠦᠪᠰᠢᠨ ᠤ ᠶᠡᠷᠦᠩᠬᠡᠢ ᠦᠵᠡᠯᠲᠡ ᠶᠢ ᠪᠣᠢ ᠪᠣᠯᠭᠠᠨ᠂ ᠰᠢᠨ᠎ᠡ ᠴᠠᠭ ᠦᠶ᠎ᠡ ᠶᠢᠨ ᠤᠯᠤᠰ ᠤᠨ ᠠᠮᠤᠷ | ᠲᠦᠪᠰᠢᠨ ᠤ ᠦᠷ᠎ᠡ ᠪᠦᠲᠦᠮᠵᠢ ᠶᠢ ᠤᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠᠲᠠᠢ | ᠬᠤᠷᠠᠯᠳᠤᠬᠤ ᠶᠢ ᠤᠭᠲᠤᠬᠤ ᠳᠤ ᠰᠢᠯᠢᠳᠡᠭ ᠰᠠᠶᠢᠨ ᠠᠭᠤᠷ ᠠᠮᠢᠰᠬᠤᠯ ᠢ ᠡᠭᠦᠳᠦᠶ᠎ᠡ︾ ᠭᠡᠬᠦ ᠭᠤᠣᠯ ᠰᠡᠳᠦᠪᠲᠦ | ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠡᠳᠦᠷ ᠤᠨ ᠬᠦᠳᠡᠯᠭᠡᠭᠡᠨ ᠦᠷᠨᠢᠭᠦᠯᠪᠡ᠂ | ᠬᠤᠰᠢᠭᠤᠨ ᠤ ᠤᠳᠤᠷᠢᠳᠤᠯᠭ᠎ᠠ ᠯᠤ᠋ ᠰᠢᠨ᠂ ᠠᠮᠢᠯᠠᠯ᠂ ᠶᠢᠨ ᠷᠦᠩ ᠵᠢᠴᠢ ᠪᠦᠬᠦ ᠬᠤᠰᠢᠭᠤᠨ ᠤ ᠡᠯ᠎ᠡ ᠬᠠᠥᠯᠢ | ᠬᠡᠷᠡᠭᠵᠢᠭᠦᠯᠬᠦ ᠪᠠ ᠬᠠᠥᠯᠢ ᠲᠦᠭᠡᠮᠡᠯᠵᠢᠭᠦᠯᠬᠦ ᠭᠡᠰᠢᠭᠦᠨ ᠨᠢᠭᠡᠴᠡ ᠶᠢᠨ ᠠᠵᠢᠯᠲᠠᠳ ᠬᠦᠳᠡᠯᠭᠡᠭᠡᠨ ᠳᠤ ᠣᠷᠣᠯᠴᠠᠪᠠ᠃. | | | | ᠬᠦᠳᠡᠯᠭᠡᠭᠡᠨ ᠳᠤ᠂ ᠯᠤ᠋ ᠰᠢᠨ ᠴᠢᠩᠭᠠᠳᠬᠠᠬᠤ ᠳᠠᠭᠠᠨ᠂ ᠡᠯ᠎ᠡ ᠰᠠᠯᠠᠭ᠎ᠠ ᠮᠦᠴᠢᠷ ᠰᠢᠨ᠎ᠡ ᠴᠠᠭ ᠦᠶ᠎ᠡ ᠶᠢᠨ | ᠤᠯᠤᠰ ᠤᠨ ᠠᠮᠤᠷ ᠲᠦᠪᠰᠢᠨ ᠤ ᠠᠵᠢᠯ ᠤᠨ ᠰᠢᠨ᠎ᠡ ᠬᠤᠪᠢᠷᠠᠯᠲᠠ ᠪᠠ ᠰᠢᠨ᠎ᠡ ᠱᠠᠭᠠᠷᠳᠠᠯᠭ᠎ᠠ ᠳᠤ ᠢᠳᠡᠪᠬᠢᠲᠡᠢ | ᠵᠣᠬᠢᠴᠠᠨ᠂ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠪᠠᠷ ᠬᠦᠲᠦᠯᠦᠨ ᠳᠠᠭᠠᠭᠤᠯᠵᠤ᠂ ᠠᠷᠠᠳ | ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠨ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨᠬᠦ | ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠤᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠦᠭᠵᠢᠯᠲᠡ ᠳᠤ ᠠᠮᠤᠷ | ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠡᠭᠦᠳᠬᠦ ᠬᠡᠷᠡᠭᠲᠡᠢ ᠭᠡᠵᠡᠢ᠃ | ᠬᠦᠳᠡᠯᠭᠡᠭᠡᠨ ᠳᠤ᠂ ᠤᠬᠠᠭᠤᠯᠭ᠎ᠠ ᠶᠢᠨ ᠤᠷᠢᠶ᠎ᠠ ᠯᠣᠽᠣᠩ ᠡᠯᠭᠦᠬᠦ᠂ ᠤᠬᠠᠭᠤᠯᠭ᠎ᠠ ᠶᠢᠨ ᠰᠠᠮᠪᠠᠷ᠎ᠠ | ᠲᠣᠬᠢᠷᠠᠭᠤᠯᠬᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠭᠤᠣᠯ ᠰᠡᠳᠦᠪᠲᠦ ᠲᠣᠭᠯᠠᠯᠲᠠ ᠭᠠᠷᠭᠠᠬᠤ ᠵᠡᠷᠭᠡ | ᠬᠡᠯᠪᠡᠷᠢ ᠪᠠᠷ ᠦᠷᠭᠡᠨ ᠣᠯᠠᠨ ᠲᠦᠮᠡᠨ ᠳᠤ ︽ᠤᠯᠤᠰ ᠤᠨ ᠠᠮᠤᠷ ᠲᠦᠪᠰᠢᠨ ᠤ ᠬᠠᠥᠯᠢ︾ ︽ᠲᠣᠷᠰᠢᠭᠤᠯ ᠢ | ᠡᠰᠡᠷᠭᠦᠴᠡᠬᠦ ᠬᠠᠥᠯᠢ︾ ᠵᠡᠷᠭᠡ ᠤᠯᠤᠰ ᠤᠨ ᠠᠮᠤᠷ ᠲᠦᠪᠰᠢᠨ ᠤ ᠬᠠᠮᠢᠶᠠᠲᠠᠢ ᠬᠠᠥᠯᠢ ᠴᠠᠭᠠᠵᠠ ᠬᠠᠥᠯᠢ | ᠲᠣᠭᠲᠠᠭᠠᠯ ᠢ ᠢᠳᠡᠪᠬᠢᠲᠡᠢ ᠤᠬᠠᠭᠤᠯᠪᠠ᠃ ᠳᠠᠷᠠᠭ᠎ᠠ ᠨᠢ᠂ ᠠᠯᠳ᠋ᠬᠠᠮᠡᠭᠡᠯ ᠪᠠᠯᠭᠠᠰᠤᠨ ᠤ ᠬᠡᠷᠦᠯᠦᠨ ᠨᠡᠶᠢᠭᠡᠮ | ᠲᠣᠭᠤᠷᠢᠭ ᠲᠤ ᠬᠤᠰᠢᠭᠤᠨ ᠤ ᠤᠯᠠᠭᠠᠮᠦ᠋ᠴᠢᠷ ᠠᠴᠠ ᠭᠤᠷᠪᠠᠳᠤᠭᠠᠷ ᠬᠤᠭᠤᠴᠠᠭᠠᠨ ᠤ ︽ᠤᠯᠤᠰ ᠤᠨ ᠠᠮᠤᠷ | ᠲᠦᠪᠰᠢᠨ ᠳᠡᠷᠭᠡᠳᠡ ᠪᠣᠢ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠤᠷᠠᠨ ᠰᠠᠶᠢᠬᠠᠨ ᠤ ᠮᠡᠳᠡᠭᠦᠯᠦᠯᠲᠡ ᠶᠢᠨ | ᠲᠣᠭᠯᠠᠯᠲᠠ ᠭᠠᠷᠭᠠᠵᠤ ᠲᠣᠭᠯᠠᠭᠴᠢᠳ ᠠᠴᠠ ᠪᠠᠰᠠ ᠬᠠᠥᠯᠢ ᠬᠡᠷᠡᠭᠵᠢᠭᠦᠯᠬᠦ ᠰᠠᠯᠠᠭ᠎ᠠ ᠮᠦᠴᠢᠷ ᠲᠠᠢ ᠬᠠᠮᠵᠢᠯᠴᠠᠨ | ᠬᠠᠮᠢᠶᠠᠲᠠᠢ ᠤᠬᠠᠭᠤᠯᠭ᠎ᠠ ᠶᠢᠨ ᠮᠠᠲ᠋ᠧᠷᠢᠶᠠᠯ ᠲᠠᠬᠷᠭᠠᠵᠤ᠂ ᠤᠯᠤᠰ ᠤᠨ ᠠᠮᠤᠷ ᠲᠦᠪᠰᠢᠨ ᠤ ᠬᠠᠥᠯᠢ ᠶᠢᠨ ᠠᠭᠤᠯᠭ᠎ᠠ᠂ | ᠰᠤᠷᠤᠯᠴᠠᠬᠤ ᠠᠴᠢ ᠬᠤᠯᠪᠣᠭᠳᠠᠯ ᠪᠠ ᠡᠷᠬᠡᠲᠦ ᠠᠷᠠᠳ ᠤᠨ ᠦᠨᠳᠦᠰᠦᠨ ᠡᠭᠦᠷᠭᠡ ᠵᠡᠷᠭᠡ ᠠᠭᠤᠯᠭ᠎ᠠ ᠶᠢ ᠤᠷᠠᠨ | ᠰᠠᠶᠢᠬᠠᠨ ᠤ ᠲᠣᠭᠯᠠᠯᠲᠠ ᠳᠤ ᠪᠠᠨ ᠠᠭᠤᠰᠬᠠᠨ ᠣᠷᠤᠭᠤᠯᠵᠤ᠂ ᠦᠵᠡᠭᠴᠢᠳ ᠲᠤ ᠤᠷᠠᠨ ᠰᠠᠶᠢᠬᠠᠨ ᠤ ᠲᠣᠭᠯᠠᠯᠲᠠ | ᠭᠠᠷᠭᠠᠨ ᠰᠣᠨᠢᠷᠬᠠᠭᠤᠯᠬᠤ ᠶᠢᠨ ᠬᠠᠮᠲᠤ᠂ ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ ᠢ ᠣᠶᠢᠯᠠᠭᠠᠭᠤᠯᠵᠤ᠂ | ᠤᠯᠤᠰ ᠢᠶᠠᠨ ᠬᠠᠮᠠᠭᠠᠯᠠᠬᠤ ᠠᠮᠤᠷ ᠲᠦᠪᠰᠢᠨ ᠤ ᠤᠬᠠᠮᠰᠠᠷ ᠢ ᠨᠢ ᠨᠡᠮᠡᠭᠳᠡᠭᠦᠯᠵᠡᠢ᠃ | | |