ᠪᠥᠬᠡᠪᠠᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 28 ᠳ᠋ᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/19
     4 ᠰᠠᠷ᠎ᠠ ᠶᠢᠨ 18 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠨᠢᠭᠡᠳᠦᠭᠡᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 28 ᠳ᠋ᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠭᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠯᠦ ᠴᠤᠸᠠᠨ ᠱᠧᠨ᠂ ᠲᠢᠶᠠᠨ ᠹᠧᠩ ᠯᠢᠨ᠂ ᠪᠠᠢ ᠴᠦᠨ ᠮᠧᠶ᠂ ᠯᠦ ᠰᠢᠨ᠂ ᠯᠢ ᠵᠢᠶᠠᠨ᠂ ᠳ᠋ᠦ᠋ ᠴᠧᠩ᠂ ᠴᠧᠨ ᠫᠧᠩ ᠬᠤᠷᠠᠯ ᠳᠤ ᠣᠷᠣᠯᠴᠠᠪᠠ᠃      ᠬᠤᠷᠠᠯ ᠠᠴᠠ ︽ᠨᠠᠮ ᠤᠨ ᠳᠣᠲᠣᠭᠠᠳᠤ ᠶᠢᠨ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠸᠠᠩ ᠬᠤ᠋ ᠨᠢᠩ ᠨᠥᠬᠦᠷ ᠤᠨ ᠪᠦᠬᠦ ᠤᠯᠤᠰ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ︾ ︽ᠬᠤᠸᠠᠩ ᠯᠦᠩ ᠶᠦᠨ᠂ ᠯᠢᠨ ᠱᠠᠨ ᠴᠢᠩ᠂ ᠱᠢ ᠲᠠᠢ ᠹᠧᠩ ᠨᠥᠬᠦᠷ ᠤᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠱᠠᠯᠠᠪᠳᠠᠭᠤᠯᠤᠨ ᠪᠠᠶᠢᠴᠠᠭᠠᠬᠤ ᠠᠵᠢᠯ ᠥᠷᠨᠢᠭᠦᠯᠬᠦ ᠳᠠᠶᠢᠴᠢᠯᠠᠯᠲᠠ ᠶᠢᠨ ᠬᠤᠷᠠᠯ ᠳᠡᠭᠡᠷᠡᠬᠢ ᠶᠠᠷᠢᠶ᠎ᠠ︾ ︽ᠱᠢ ᠲᠠᠢ ᠹᠧᠩ ᠱᠦᠵᠢ ᠶᠢᠨ ᠪᠦᠬᠦ ᠣᠷᠣᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠳᠡᠭᠡᠷᠡᠬᠢ ᠶᠠᠷᠢᠶ᠎ᠠ︾ ︽ᠪᠦᠬᠦ ᠤᠯᠤᠰ ᠤᠨ ᠪᠦᠬᠦ ᠣᠷᠣᠨ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠱᠦᠵᠢ ᠭᠤᠤ ᠷᠦᠨ ᠰᠢ ᠶᠢᠨ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠴᠣᠬᠤᠯᠠᠪᠤᠷᠢ︾ ᠵᠡᠷᠭᠡ ᠳᠡᠭᠡᠳᠦ ᠱᠠᠲᠤᠨ ᠤ ᠤᠳᠤᠷᠢᠳᠤᠯᠭ᠎ᠠ ᠶᠢᠨ ᠶᠠᠷᠢᠶ᠎ᠠ ᠪᠠ ᠴᠣᠬᠤᠯᠠᠪᠤᠷᠢ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
     ᠪᠥᠬᠡᠪᠠᠶᠠᠷ᠂ ᠨᠠᠮ ᠤᠨ ᠳᠣᠲᠣᠭᠠᠳᠤ ᠶᠢᠨ ᠬᠠᠤᠯᠢ ᠳᠦᠷᠢᠮ ᠤᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ᠨᠠᠮ ᠤᠨ ᠳᠣᠲᠣᠭᠠᠳᠤ ᠶᠢᠨ ᠬᠠᠤᠯᠢ ᠳᠦᠷᠢᠮ ᠤᠨ ᠪᠠᠶᠢᠭᠤᠯᠤᠯᠲᠠ ᠶᠢ ᠠᠬᠢᠭᠤᠯᠬᠤ ᠤᠯᠤᠰ ᠲᠦᠷᠦ ᠶᠢᠨ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠨᠠᠮ ᠤᠨ ᠳᠣᠲᠣᠭᠠᠳᠤ ᠶᠢᠨ ᠬᠠᠤᠯᠢ ᠳᠦᠷᠢᠮ ᠤᠨ ᠰᠢᠰᠲ᠋ᠧᠮ ᠢ ᠨᠡᠩ ᠲᠡᠭᠦᠯᠳᠡᠷᠵᠢᠭᠦᠯᠦᠨ᠂ ᠳᠦᠷᠢᠮ ᠤᠨ ᠬᠡᠷᠡᠭᠵᠢᠭᠦᠯᠦᠯᠲᠡ ᠶᠢ ᠨᠡᠩ ᠴᠢᠩᠭ᠎ᠠ ᠪᠣᠯᠭᠠᠵᠤ᠂ ᠳᠦᠷᠢᠮ ᠤᠨ ᠳᠠᠪᠠᠭᠤᠯᠢᠭ ᠢ ᠨᠡᠩ ᠰᠠᠶᠢᠨ ᠢᠶᠠᠷ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠪᠠᠶᠢᠩᠭᠤ ᠶᠢᠨ ᠭᠡᠰᠢᠭᠦᠳ ᠨᠠᠮ ᠤᠨ ᠳᠣᠲᠣᠭᠠᠳᠤ ᠶᠢᠨ ᠬᠠᠤᠯᠢ ᠳᠦᠷᠢᠮ ᠢ ᠲᠦᠷᠦᠭᠦᠯᠡᠨ ᠲᠤᠤᠱᠯᠠᠭᠤᠯᠤᠨ ᠬᠡᠷᠡᠭᠵᠢᠭᠦᠯᠵᠦ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ᠂ ᠥᠪᠡᠷ ᠢ ᠪᠠᠨ ᠬᠢᠵᠠᠭᠠᠷᠯᠠᠬᠤ ᠦᠯᠢᠭᠡᠷ ᠳᠠᠭᠤᠷᠢᠶᠠᠯ ᠪᠣᠯᠬᠤ ᠶᠢᠨ ᠬᠠᠮᠲᠤ᠂ ᠨᠠᠮ ᠤᠨ ᠳᠣᠲᠣᠭᠠᠳᠤ ᠶᠢᠨ ᠬᠠᠤᠯᠢ ᠳᠦᠷᠢᠮ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠠᠤᠯᠢ ᠳᠦᠷᠢᠮ ᠤᠨ ᠬᠦᠴᠦᠨ ᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠤᠨ ᠳᠤᠮᠳᠠ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠪᠥᠬᠡᠪᠠᠶᠠᠷ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ︽ᠬᠤᠶᠠᠷ ᠬᠠᠯᠬᠠᠪᠴᠢ︾ ᠶᠢ ᠪᠠᠶᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠰᠢᠢᠳᠪᠦᠷᠢᠯᠡᠭᠦᠯᠬᠦ ᠪᠠᠷ ᠲᠤᠰᠢᠶᠠᠭᠰᠠᠨ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠳᠠᠷᠤᠢ ᠳᠤᠨᠢ ᠵᠠᠰᠠᠨ ᠴᠡᠭᠴᠡᠯᠡᠵᠦ᠂ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠥᠭᠡᠷᠡᠴᠢᠯᠡᠬᠦ ᠬᠡᠷᠡᠭᠲᠡᠢ᠃ ᠠᠵᠤ ᠦᠢᠯᠡᠰ ᠤᠨ ᠠᠮᠢ ᠠᠬᠤᠶᠢᠵᠢᠯᠲᠠ ᠪᠠ ᠠᠮᠢ ᠠᠬᠤᠢ ᠶᠢᠨ ᠠᠵᠤ ᠦᠢᠯᠡᠰᠵᠢᠯᠲᠡ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠲᠣᠭᠲᠠᠴᠠ ᠶᠢ ᠬᠦᠴᠦᠯᠡᠨ ᠪᠠᠶᠢᠭᠤᠯᠵᠤ᠂ ᠮᠠᠨ ᠤ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠦᠨᠡᠨᠬᠦ ᠠᠬᠢᠭᠤᠯᠵᠤ᠂ ︽ᠲᠠᠯ᠎ᠠ ᠨᠤᠲᠤᠭ︾ ᠪᠠ ︽ᠠᠮᠢ ᠠᠬᠤᠢ︾ ᠭᠡᠬᠦ ᠭᠠᠵᠠᠷ ᠣᠷᠣᠨ ᠤ ᠨᠡᠷ᠎ᠡ ᠶᠢᠨ ᠬᠠᠭᠤᠳᠠᠰᠤ ᠶᠢ ᠳᠠᠭᠤᠷᠢᠰᠬᠠᠨ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠬᠠᠯᠬᠠᠪᠴᠢ︾ ᠶᠢ ᠪᠠᠬᠢᠵᠢᠭᠦᠯᠬᠦ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃      ᠪᠥᠬᠡᠪᠠᠶᠠᠷ ᠪᠠᠰᠠ᠂ ᠱᠠᠰᠢᠨ ᠰᠤᠷᠲᠠᠬᠤᠨ ᠤ ᠠᠵᠢᠯ ᠪᠣᠯ ᠨᠠᠮ ᠪᠠ ᠤᠯᠤᠰ ᠤᠨ ᠠᠵᠢᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠨᠢᠭᠡᠳᠦᠮᠡᠯ ᠹᠷᠣᠨᠲ ᠤᠨ ᠠᠵᠢᠯ ᠪᠣᠯ ᠨᠠᠮ ᠤᠨ ᠦᠢᠯᠡᠰ ᠤᠨ ᠮᠠᠨᠳᠤᠵᠤ ᠪᠠᠭᠤᠷᠠᠬᠤ ᠢᠯᠠᠵᠤ ᠢᠯᠠᠭᠳᠠᠬᠤ ᠶᠢᠨ ᠵᠠᠩᠭᠢᠯᠠᠭ᠎ᠠ ᠶᠢᠨ ᠡᠯᠧᠮᠧᠨ᠋ᠲ ᠮᠥᠨ᠂ ᠤᠯᠤᠰ ᠣᠷᠣᠨ ᠤ ᠬᠥᠭᠵᠢᠨ ᠮᠠᠨᠳᠤᠬᠤ ᠶᠢᠨ ᠴᠢᠬᠤᠯᠠ ᠨᠥᠬᠦᠴᠡᠯ ᠮᠥᠨ᠃ ᠱᠠᠰᠢᠨ ᠰᠤᠷᠲᠠᠬᠤᠨ ᠤ ᠠᠵᠢᠯ ᠤᠨ ︽ᠶᠢᠰᠦᠨ ᠡᠷᠬᠡᠪᠰᠢ︾ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠰᠤᠷᠤᠯᠴᠠᠨ ᠨᠠᠷᠢᠯᠢᠭ ᠣᠶᠢᠯᠠᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠱᠠᠰᠢᠨ ᠰᠤᠷᠲᠠᠬᠤᠨ ᠤ ᠠᠵᠢᠯ ᠤᠨ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠨ᠂ ᠦᠨᠳᠦᠰᠦᠲᠡᠨ ᠤ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠶᠢᠨ ᠪᠣᠳᠠᠲᠠᠢ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠬᠦ ᠬᠡᠷᠡᠭᠲᠡᠢ︔ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠬᠠᠮᠲᠤᠪᠠᠷ ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠭ ᠢ ᠡᠭᠦᠳᠦᠨ ᠪᠠᠶᠢᠭᠤᠯᠬᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠠᠬᠢᠭᠤᠯᠬᠤ᠂ ᠴᠢᠨᠠᠷ ᠰᠠᠶᠢᠲᠠᠢ ᠰᠤᠷᠭᠠᠨ ᠬᠥᠮᠦᠵᠢᠯ ᠢ ᠲᠡᠩᠴᠡᠭᠦᠷᠢᠲᠡᠢ ᠬᠥᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠂ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠪᠣᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号