︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ︽ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ︾ ᠭᠡᠬᠦ ᠴᠢᠬᠤᠯᠠ ᠵᠣᠬᠢᠶᠠᠯ ᠢ ᠨᠡᠶᠢᠳᠡᠯᠡᠪᠡ
ᠨᠡᠶᠢᠲᠡᠯᠡᠭᠰᠡᠨ ᠴᠠᠭ᠄
2022/4/19
     ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 15 ᠤ ᠴᠠᠬᠢᠯᠭᠠᠨ ᠮᠡᠳᠡᠭᠡ 4 ᠰᠠᠷ᠎ᠠ ᠶᠢᠨ 16 ᠤ ᠡᠳᠦᠷ ᠬᠡᠪᠯᠡᠭᠳᠡᠭᠰᠡᠨ 8 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃      ᠵᠣᠬᠢᠶᠠᠯ ᠳᠤ᠂ ᠨᠡᠶᠢᠭᠡᠮ ᠤᠨ ᠪᠠᠲᠤᠯᠠᠭ᠎ᠠ ᠪᠣᠯ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠡᠷᠬᠡ ᠲᠡᠭᠰᠢ ᠶᠢ ᠬᠠᠮᠠᠭᠠᠯᠠᠬᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠦᠨᠳᠦᠰᠦᠨ ᠲᠦᠷᠢᠮ ᠤᠨ ᠪᠠᠲᠤᠯᠠᠭ᠎ᠠ ᠮᠥᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠥᠷᠭᠡᠨ ᠣᠯᠠᠨ ᠠᠷᠠᠳ ᠲᠦᠮᠡᠨ ᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠴᠢᠬᠤᠯᠠ ᠲᠦᠷᠢᠮ ᠤᠨ ᠲᠣᠬᠢᠷᠠᠭᠤᠯᠤᠯᠲᠠ ᠮᠥᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠤᠤᠷ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠬᠢᠷᠠᠭᠤᠯᠤᠬᠴᠢ᠂ ᠠᠵᠤ ᠠᠬᠤᠶ ᠶᠢᠨ ᠡᠷᠬᠢᠯᠳᠠ ᠶᠢᠨ ᠳᠣᠷᠭᠢᠯᠲᠠ ᠶᠢ ᠨᠠᠮᠵᠢᠭᠤᠯᠤᠭᠴᠢ ᠶᠢᠨ ᠦᠶ᠋ᠯᠡᠳᠦᠯ ᠢ ᠪᠠᠳᠠᠷᠠᠭᠤᠯᠵᠤ᠂ ᠤᠯᠤᠰ ᠢ ᠵᠠᠰᠠᠵᠤ ᠲᠥᠷᠥ ᠶᠢ ᠲᠦᠪᠰᠢᠳᠭᠡᠬᠦ ᠶᠡᠭᠡ ᠠᠰᠠᠭᠤᠳᠠᠯ ᠮᠥᠨ᠃ ᠲᠠᠬᠢᠨ ᠬᠤᠪᠢᠶᠠᠷᠢᠯᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠲᠤᠰᠠᠯᠠᠬᠤ ᠴᠢᠳᠠᠮᠵᠢ ᠶᠢ ᠴᠢᠩᠭᠠᠳᠬᠠᠨ᠂ ᠨᠡᠩ ᠤᠯᠠᠨ ᠬᠥᠮᠦᠨ ᠢ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠳᠤ ᠣᠷᠣᠭᠤᠯᠵᠤ᠂ ᠥᠷᠭᠡᠨ ᠤᠯᠠᠨ ᠠᠷᠠᠳ ᠲᠦᠮᠡᠨ ᠳᠤ ᠨᠡᠩ ᠨᠠᠶᠢᠳᠠᠪᠤᠷᠢᠲᠠᠢ ᠨᠡᠩ ᠭᠦᠢᠴᠡᠳ ᠪᠠᠲᠤᠯᠠᠭ᠎ᠠ ᠬᠠᠩᠭᠠᠨ᠂ ᠠᠷᠠᠳ ᠤᠯᠠᠨ ᠤ ᠤᠯᠠᠨ ᠲᠡᠰ ᠳᠠᠪᠬᠤᠷᠭ᠎ᠠ ᠶᠢᠨ ᠤᠯᠠᠨ ᠶᠠᠩᠵᠤᠴᠢᠯᠠᠭᠰᠠᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠬᠦᠯᠦᠭᠰᠡᠨ᠂ ᠲᠥᠪ ᠭᠤᠣᠯᠴᠢ ᠨᠢᠭᠡᠳᠦᠯᠲᠡᠢ᠂ ᠦᠷᠬᠦᠯᠵᠢᠯᠡᠭᠰᠡᠨ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠢ ᠤᠯᠠᠮ ᠴᠢᠨᠠᠬᠰᠢᠳᠠ ᠨᠢᠭᠲᠠ ᠰᠦᠯᠵᠢᠵᠦ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃      ᠵᠣᠬᠢᠶᠠᠯ ᠳᠤ᠂ ᠮᠠᠨ ᠤ ᠨᠠᠮ ᠶᠡᠷᠦ ᠠᠴᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠭᠡᠮ ᠤᠨ ᠪᠠᠲᠤᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠲᠦᠷᠭᠡᠨ ᠤ ᠵᠠᠮ ᠳᠤ ᠣᠷᠣᠬᠤ ᠶᠢ ᠠᠬᠢᠭᠤᠯᠪᠠ᠃ ᠣᠳᠣᠬᠠᠨ ᠳᠤ᠂ ᠮᠠᠨ ᠤ ᠤᠯᠤᠰ ᠨᠡᠶᠢᠭᠡᠮ ᠤᠨ ᠳᠠᠭᠠᠳᠬᠠᠯ ᠢᠶᠠᠷ ᠭᠤᠣᠯ ᠴᠣᠭᠴᠠ ᠪᠣᠯᠭᠠᠵᠤ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ ᠨᠡᠶᠢᠭᠡᠮ ᠤᠨ ᠠᠰᠠᠷᠠᠨ ᠬᠠᠷᠠᠭᠠᠯᠵᠠᠯ ᠵᠡᠷᠭᠡ ᠲᠦᠷᠢᠮ ᠢ ᠪᠠᠭᠲᠠᠭᠠᠭᠰᠠᠨ᠂ ᠴᠢᠳᠠᠮᠵᠢ ᠨᠢ ᠪᠦᠷᠢᠨ ᠲᠡᠭᠦᠯᠳᠡᠷ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠪᠠ᠃ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠤᠯᠤᠰ ᠲᠥᠷᠥ ᠶᠢᠨ ᠳᠠᠪᠠᠭᠤᠯᠢᠭ ᠢ ᠪᠠᠳᠠᠷᠠᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ᠂ ᠬᠠᠮᠲᠤ ᠪᠠᠷ ᠪᠠᠶᠠᠵᠢᠬᠤ ᠶᠢ ᠪᠠᠷᠢᠮᠲᠠᠯᠠᠵᠤ᠂ ᠪᠠᠶᠢᠭᠤᠯᠤᠯ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠠᠮᠵᠢᠯᠲᠠ ᠲᠠᠢ ᠪᠠᠷ ᠪᠠᠶᠢᠭᠤᠯᠪᠠ᠃ ᠡᠳᠡᠭᠡᠷ ᠠᠮᠵᠢᠯᠲᠠ ᠲᠠᠢ ᠲᠤᠷᠰᠢᠯᠭ᠎ᠠ ᠶᠢ ᠪᠠᠷᠢᠮᠲᠠᠯᠠᠨ ᠬᠥᠭᠵᠢᠭᠦᠯᠵᠦ᠂ ᠲᠠᠰᠤᠷᠠᠯᠳᠠ ᠦᠭᠡᠢ ᠳ᠋ᠦᠩᠨᠡᠵᠦ᠂ ᠲᠠᠰᠤᠷᠠᠯᠳᠠ ᠦᠭᠡᠢ ᠤᠷᠤᠭᠰᠢ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃      ᠵᠣᠬᠢᠶᠠᠯ ᠳᠤ᠂ ᠰᠢᠰᠲ᠋ᠧᠮᠳᠦ ᠦᠵᠡᠯᠲᠡ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠬᠠᠷᠠᠴᠠ ᠶᠢ ᠪᠤᠢ ᠪᠣᠯᠭᠠᠵᠤ᠂ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠳᠡᠯᠡᠬᠡᠢ ᠶᠢᠨ ᠬᠠᠷᠠᠭ᠎ᠠ ᠪᠠᠨ ᠥᠷᠭᠡᠳᠭᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠤ ᠨᠡᠶᠢᠭᠡᠮ ᠤᠨ ᠪᠠᠲᠤᠯᠠᠭ᠎ᠠ ᠶᠢᠨ ᠦᠢᠯᠡᠰ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠪᠠᠲᠤᠯᠠᠭ᠎ᠠ ᠪᠣᠯ ᠤᠰᠤ ᠥᠰᠴᠦ ᠣᠩᠭᠤᠴᠠ ᠳᠡᠭᠡᠭᠰᠢᠯᠡᠬᠦ ᠶᠢᠨ ᠬᠠᠷᠢᠴᠠᠭ᠎ᠠ ᠮᠥᠨ᠂ ᠤᠰᠤ ᠭᠦᠢᠬᠡᠨ ᠪᠣᠯ ᠵᠢᠵᠢᠭᠭᠡᠨ ᠵᠠᠪᠢ ᠪᠠᠷ ᠵᠠᠮᠨᠠᠵᠤ᠂ ᠤᠰᠤ ᠭᠦᠨ ᠪᠣᠯ ᠶᠡᠭᠡ ᠣᠩᠭᠤᠴᠠ ᠪᠠᠷ ᠠᠶᠠᠯᠠᠵᠤ᠂ ᠵᠢᠮ᠎ᠡ ᠶᠣᠰᠣ ᠶᠢ ᠵᠥᠷᠢᠴᠡᠪᠡᠯ ᠳᠠᠷᠤᠢ ᠭᠠᠵᠠᠷᠳᠠᠬᠤ ᠪᠤᠶᠤ ᠣᠩᠭᠤᠴᠠ ᠬᠥᠷᠪᠡᠬᠦ ᠪᠣᠯᠤᠨ᠎ᠠ ᠭᠡᠳᠡᠭ ᠶᠣᠰᠣ ᠶᠢ ᠬᠡᠵᠢᠶ᠎ᠡ ᠴᠦ ᠮᠠᠷᠲᠠᠵᠤ ᠪᠣᠯᠬᠤ ᠦᠭᠡᠢ ᠭᠡᠵᠤ ᠵᠢᠭᠠᠵᠤ ᠭᠠᠷᠭᠠᠪᠠ᠃      ᠵᠣᠬᠢᠶᠠᠯ ᠳᠤ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠨᠢᠭᠡᠨᠲᠡ ᠰᠢᠰᠲ᠋ᠧᠮ ᠲᠠᠢ ᠲᠥᠪᠯᠡᠷᠡᠭᠰᠡᠨ᠂ ᠬᠠᠮᠵᠢᠯᠴᠠᠨ ᠥᠨᠳᠥᠷ ᠪᠦᠲᠦᠮᠵᠢᠲᠡᠶ ᠪᠠᠶᠢᠬᠤ ᠱᠠᠲᠤᠨ ᠳᠤ ᠣᠷᠣᠪᠠ᠃ ᠨᠡᠶᠢᠭᠡᠮ ᠤᠨ ᠪᠠᠲᠤᠯᠠᠭ᠎ᠠ ᠶᠢᠨ ᠡᠯ᠎ᠡ ᠲᠠᠯ᠎ᠠ ᠶᠢᠨ ᠬᠤᠭᠤᠷᠣᠨᠳᠣᠬᠢ᠂ ᠨᠡᠶᠢᠭᠡᠮ ᠤᠨ ᠪᠠᠲᠤᠯᠠᠭ᠎ᠠ ᠶᠢᠨ ᠬᠦᠷᠢᠶ᠎ᠡ ᠪᠠ ᠪᠤᠰᠤᠳ ᠬᠤᠯᠪᠣᠭᠳᠠᠯ ᠪᠦᠬᠦᠢ ᠬᠦᠷᠢᠶᠡᠨ ᠤ ᠬᠤᠭᠤᠷᠣᠨᠳᠣᠬᠢ ᠥᠭᠡᠷᠡᠴᠢᠯᠡᠯᠲᠡ ᠶᠢᠨ ᠬᠠᠷᠢᠴᠠᠭ᠎ᠠ ᠶᠢ ᠣᠨᠣᠪᠴᠢᠲᠠᠢ ᠡᠵᠡᠮᠳᠡᠵᠦ ᠂ ᠨᠢᠭᠡᠳᠦᠯᠲᠡᠢ ᠲᠥᠯᠥᠪᠵᠢᠬᠦᠯᠤᠨ ᠲᠦᠰᠦᠪᠯᠡᠬᠦ ᠪᠠ ᠵᠤᠬᠢᠴᠠᠭᠤᠯᠤᠨ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠬᠠᠮᠳᠤᠷᠠᠯ ᠬᠦᠴᠦᠨ ᠢ ᠪᠦᠷᠢᠯᠳᠦᠭᠦᠯᠬᠦ ᠶᠢ ᠪᠠᠲᠤᠯᠠᠬᠤ ᠬᠡᠷᠡᠭᠲᠡᠢ᠃ ᠨᠠᠰᠤᠵᠢᠯ ᠤᠨ ᠦᠨᠳᠦᠰᠦᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠢ ᠲᠥᠯᠥᠪᠵᠢᠭᠦᠯᠬᠦ ᠶᠢ ᠲᠦᠷᠭᠡᠨ ᠪᠡᠶᠡᠯᠡᠭᠦᠯᠬᠦ ᠨᠢ ᠨᠡᠶᠢᠭᠡᠮ ᠤᠨ ᠳᠠᠭᠠᠳᠬᠠᠯ ᠤᠨ ︽ᠶᠡᠭᠡ ᠲᠣᠭᠠᠨ ᠤ ᠵᠢᠮ᠎ᠡ ᠬᠠᠤᠯᠢ︾ ᠳᠤ ᠨᠡᠶᠢᠴᠡᠬᠦ ᠪᠥᠭᠡᠳ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠱᠠᠭᠠᠷᠳᠠᠯᠭ᠎ᠠ ᠪᠣᠯᠤᠨ᠎ᠠ᠃ ︽ᠡᠮ ᠡᠮᠨᠡᠯᠭᠡ ᠡᠮᠴᠢᠯᠡᠭᠡᠨ ᠤ ᠪᠠᠳᠤᠯᠠᠭ᠎ᠠ ᠡᠮ ᠤᠨ ᠵᠦᠢᠯᠡᠰ ᠤᠨ ᠦᠭᠡᠷᠡᠴᠢᠯᠡᠯᠳᠠ ᠶᠢᠨ ᠬᠤᠯᠪᠣᠭᠠᠯᠠᠨ ᠬᠥᠳᠡᠯᠦᠯᠴᠡᠬᠦ︾ ᠶᠢ ᠴᠥᠬᠦᠷᠡᠰᠢ ᠥᠬᠡᠶ᠂ ᠬᠠᠮᠵᠢᠯᠴᠠᠨ ᠠᠬᠢᠭᠤᠯᠬᠤ ᠬᠡᠷᠡᠭᠲᠡᠶ᠃ ᠥᠭᠡᠷᠡᠴᠢᠯᠡᠯᠲᠡ ᠶᠢᠨ ᠴᠢᠭᠯᠡᠯ᠂ ᠠᠶᠢᠵᠠᠮ᠂ ᠡᠷᠴᠢᠮ ᠢ ᠵᠦᠢ ᠵᠣᠬᠢᠰᠲᠠᠶ ᠡᠵᠡᠮᠳᠡᠵᠦ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠪᠦᠬᠦ ᠨᠡᠶᠢᠭᠡᠮ ᠤᠨ ᠬᠠᠮᠲᠤ ᠶᠢᠨ ᠲᠠᠨᠢᠯᠲᠠ ᠪᠠ ᠬᠠᠮᠳᠤᠷᠠᠯ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠡᠨᠡ ᠬᠦ ᠥᠭᠡᠷᠡᠴᠢᠯᠡᠯᠲᠡ ᠶᠢᠨ ᠡᠭᠦᠷᠭᠡ ᠶᠢ ᠲᠣᠭᠲᠠᠭᠤᠨ ᠢᠶᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃      ᠵᠣᠬᠢᠶᠠᠯ ᠳᠤ᠂ ᠨᠡᠶᠢᠭᠡᠮ ᠤᠨ ᠪᠠᠲᠤᠯᠠᠭ᠎ᠠ ᠶᠢᠨ ᠬᠠᠤᠯᠢᠵᠢᠯ ᠢ ᠠᠬᠢᠭᠤᠯᠵᠤ᠂ ᠬᠠᠤᠯᠢᠵᠢᠯ ᠤᠨ ᠵᠠᠮ ᠳᠡᠭᠡᠷ᠎ᠡ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠪᠠᠲᠤᠯᠠᠭ᠎ᠠ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠭᠠᠬᠤ ᠲᠠᠯ᠎ᠠ ᠪᠠᠷ ᠬᠢ ᠨᠡᠶᠢᠭᠡᠮ ᠤᠨ ᠪᠠᠲᠤᠯᠠᠭ᠎ᠠ ᠶᠢᠨ ᠢᠳᠡᠪᠬᠢ ᠦᠢᠯᠡᠳᠦᠯ ᠢ ᠰᠠᠶᠢᠲᠤᠷ ᠪᠠᠳᠠᠷᠠᠭᠤᠯᠵᠤ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠭᠡᠨᠡᠳᠲᠡ ᠡᠭᠦᠰᠦᠭᠰᠡᠨ ᠬᠦᠨᠳᠦ ᠶᠡᠭᠡ ᠠᠶᠤᠯ ᠲᠦᠭᠰᠢᠭᠦᠷᠢ ᠳᠤ ᠴᠢᠭᠯᠡᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃      ᠵᠣᠬᠢᠶᠠᠯ ᠳᠤ᠂ ᠲᠦᠷᠢᠮ ᠤᠨ ᠨᠢᠭᠡᠳᠦᠮᠡᠯ ᠴᠢᠨᠠᠷ ᠪᠣᠯᠤᠨ ᠵᠢᠷᠤᠮᠵᠢᠯ ᠤᠨ ᠴᠢᠨᠠᠷ ᠢ ᠪᠠᠷᠢᠮᠲᠠᠯᠠᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠳᠤ ᠤᠯᠤᠰ ᠤᠨ ᠦᠵᠦ ᠲᠥᠯᠥᠪᠯᠡᠭᠡ ᠶᠢ ᠪᠠᠷᠢᠮᠲᠠᠯᠠᠵᠤ ᠂ ᠪᠦᠬᠦ ᠤᠯᠤᠰ ᠢᠶᠠᠷ ᠢᠶᠠᠨ ᠨᠢᠭᠡ ᠬᠥᠯᠭᠡ ᠰᠢᠳᠠᠷ᠎ᠠ ᠪᠣᠯᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠵᠢᠮ᠎ᠡ ᠶᠣᠰᠣ ᠶᠢ ᠡᠵᠡᠮᠰᠢᠨ᠂ ᠨᠢᠭᠡᠳᠦᠯᠲᠡᠢ ᠲᠥᠯᠥᠪᠵᠢᠬᠦᠯᠤᠨ ᠵᠣᠬᠢᠴᠠᠭᠤᠯᠵᠤ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠡᠯ᠎ᠡ ᠵᠦᠢᠯ ᠤᠨ ᠥᠭᠡᠷᠡᠴᠢᠯᠡᠯᠲᠡ ᠶᠢᠨ ᠲᠥᠰᠦᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠂ ᠪᠦᠬᠦ ᠠᠷᠠᠳ ᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠢ ᠭᠡᠵᠤ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号