ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 6 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/4/2
     ᠬᠠᠩᠰᠢ ᠶᠢᠨ ᠠᠮᠠᠷᠠᠯᠲᠠ ᠶᠢᠨ ᠬᠤᠭᠤᠴᠠᠭ᠎ᠠ ᠣᠶᠢᠷᠠᠳᠴᠤ᠂ ᠭᠢᠷᠢᠨ ᠮᠤᠵᠢ᠂ ᠱᠠᠩᠬᠠᠢ ᠬᠤᠲᠠ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠦᠨᠳᠦᠰᠦᠯᠡᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠶᠢᠨ ᠲᠥᠯᠥᠭᠡ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠠᠴᠠ ᠰᠤᠳᠤᠯᠤᠨ ᠲᠣᠭᠲᠠᠭᠠᠵᠤ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠵᠠᠷᠯᠠᠶ᠎ᠠ᠄      ᠨᠢᠭᠡ᠂ ᠣᠳᠣᠬᠠᠨ ᠤ ᠬᠢᠵᠢᠭ ᠤᠨ ᠪᠠᠶᠢᠳᠠᠯ ᠢ ᠦᠨᠳᠦᠰᠦᠯᠡᠨ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠴᠢᠬᠤᠯᠠ ᠪᠣᠰᠤ ᠶᠠᠪᠤᠳᠠᠯ ᠦᠭᠡᠢ ᠪᠣᠯ ᠭᠠᠳᠠᠭᠰᠢ ᠭᠠᠷᠬᠤ ᠦᠭᠡᠢ ᠪᠠᠶᠢᠬᠤ ᠶᠢ ᠰᠠᠨᠠᠭᠤᠯᠵᠤ᠂ ᠬᠠᠩᠰᠢ ᠶᠢᠨ ᠡᠳᠦᠷ ᠮᠤᠵᠢ ᠣᠷᠣᠨ ᠢ ᠠᠯᠤᠰᠯᠠᠬᠤ ᠦᠭᠡᠢ᠂ ᠭᠠᠵᠠᠷ ᠣᠷᠣᠨ ᠠᠯᠤᠰᠯᠠᠵᠤ ᠲᠠᠬᠢᠯᠭ᠎ᠠ ᠬᠢᠬᠦ ᠦᠭᠡᠢ ᠪᠠᠶᠢᠬᠤ ᠶᠢ ᠰᠠᠨᠠᠭᠠᠴᠢᠯᠠᠨ᠎ᠠ᠃ ᠲᠤᠬᠠᠢ ᠶᠢᠨ ᠭᠠᠵᠠᠷ ᠲᠤ ᠪᠠᠨ ᠲᠠᠬᠢᠯᠭ᠎ᠠ ᠶᠢᠨ ᠠᠵᠢᠯᠯᠠᠭ᠎ᠠ ᠳᠤ ᠣᠷᠤᠯᠴᠠᠬᠤ ᠬᠥᠮᠥᠰ ᠤᠨ ᠲᠤᠭ᠎ᠠ ᠶᠢ ᠠᠯᠢ ᠴᠢᠳᠠᠬᠤ ᠪᠠᠷ ᠪᠠᠭᠠᠰᠬᠠᠨ᠂ ᠲᠤᠬᠠᠢ ᠶᠢᠨ ᠲᠠᠯᠠᠪᠤᠷ ᠲᠤ ᠲᠠᠬᠢᠯᠭ᠎ᠠ ᠬᠢᠵᠦ ᠪᠠᠶᠢᠭ᠎ᠠ ᠣᠯᠠᠨ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠮᠠᠪᠴᠢ ᠵᠡᠭᠦᠵᠦ᠂ ᠲᠠᠬᠢᠯᠭ᠎ᠠ ᠬᠢᠬᠦ ᠴᠠᠭ ᠢ ᠴᠢᠩᠭ᠎ᠠ ᠬᠢᠵᠠᠭᠠᠷᠯᠠᠨ᠂ ᠲᠠᠬᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ ᠳᠠᠷᠤᠢ ᠲᠦᠷᠭᠡᠨ ᠰᠠᠯᠵᠤ᠂ ᠰᠠᠭᠠᠲᠠᠬᠤ ᠶᠢ ᠴᠢᠩᠭ᠎ᠠ ᠴᠠᠭᠠᠵᠠᠯᠠᠨ᠎ᠠ᠃ ᠡᠭᠦᠨ ᠤ ᠬᠠᠮᠲᠤ᠂ ᠣᠳᠣᠬᠠᠨ ᠳᠤ ᠮᠠᠨ ᠤ ᠬᠤᠰᠢᠭᠤ ᠶᠠᠭ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ ᠪᠠᠶᠢᠭ᠎ᠠ ᠪᠣᠯᠬᠤᠷ᠂ ᠤᠲᠤᠭ᠎ᠠ ᠦᠭᠡᠢ ᠲᠠᠬᠢᠯᠭ᠎ᠠ ᠶᠢ ᠰᠠᠨᠠᠭᠠᠴᠢᠯᠠᠵᠤ᠂ ᠣᠩᠭᠤᠨ ᠵᠢᠴᠢ ᠬᠤᠲᠠ ᠶᠢᠨ ᠵᠡᠭᠡᠯᠢ ᠭᠤᠳᠤᠮᠵᠢ᠂ ᠵᠢᠵᠢᠭ ᠲᠣᠭᠤᠷᠢᠭ ᠤᠨ ᠨᠣᠭᠤᠭᠠᠷᠠᠭᠤᠯᠤᠯᠲᠠ ᠶᠢᠨ ᠭᠠᠵᠠᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠬᠤᠶᠢᠯᠠᠭ᠎ᠠ ᠶᠢᠨ ᠴᠠᠭᠠᠰᠤᠨ ᠵᠣᠭᠤᠰ ᠰᠢᠲᠠᠭᠠᠬᠤ ᠦᠭᠡᠢ᠂ ᠬᠦᠵᠢ ᠵᠤᠯᠠ ᠠᠰᠠᠭᠠᠬᠤ ᠦᠭᠡᠢ ᠪᠠᠶᠢᠵᠤ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠪᠣᠶ ᠪᠣᠯᠭᠠᠨ᠂ ᠴᠡᠪᠡᠷ ᠴᠡᠮᠴᠡᠭᠡᠷ ᠬᠤᠲᠠ ᠶᠢᠨ ᠣᠷᠴᠢᠨ ᠲᠣᠭᠤᠷᠢᠨ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃      ᠬᠤᠶᠠᠷ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 35᠂ 36 ᠳ᠋ᠤᠭᠠᠷ ᠲᠣᠭᠠᠲᠤ ᠠᠯᠪᠠᠨ ᠵᠠᠷᠯᠠᠯ ᠤᠨ ᠵᠣᠷᠢᠭ ᠰᠠᠨᠠᠭ᠎ᠠ ᠶᠣᠰᠣᠭᠠᠷ᠂ 14 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠳᠤᠮᠳᠠ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠲᠤ ︽14 ᠡᠳᠦᠷ ᠲᠥᠪᠯᠡᠷᠡᠭᠦᠯᠦᠨ ᠠᠨᠠᠭᠠᠬᠤ ᠤᠬᠠᠭᠠᠨ ᠤ ᠲᠤᠰᠠᠭᠠᠷᠯᠠᠨ ᠠᠵᠢᠭᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠬᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ 14 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠳᠤᠮᠳᠠ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠤ ᠪᠠᠶᠢᠭ᠎ᠠ ᠬᠤᠲᠠ ︵ᠵᠧᠦ᠂ ᠠᠶᠢᠮᠠᠭ︶ ᠶᠢᠨ ᠪᠤᠰᠤᠳ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠲᠤ ︽14 ᠡᠳᠦᠷ ᠭᠡᠷ ᠲᠡᠭᠡᠨ ᠰᠠᠭᠤᠵᠤ ᠠᠨᠠᠭᠠᠬᠤ ᠤᠬᠠᠭᠠᠨ ᠤ ᠲᠤᠰᠠᠭᠠᠷᠯᠠᠨ ᠠᠵᠢᠭᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠬᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠬᠥᠯᠥᠨ ᠪᠤᠶᠢᠷ ᠬᠤᠲᠠ ᠶᠢᠨ ᠬᠡᠪᠴᠢᠶᠡᠨ ᠠᠴᠠ ᠭᠠᠳᠠᠨᠠᠬᠢ ᠤᠯᠤᠰ ᠤᠨ ᠳᠣᠲᠣᠭᠠᠳᠤ ᠶᠢᠨ ᠪᠤᠰᠤᠳ ᠳᠣᠣᠷ᠎ᠠ ᠲᠦᠭᠰᠢᠭᠦᠷᠢᠲᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ 48 ᠴᠠᠭ ᠤᠨ ᠳᠣᠲᠣᠷ᠎ᠠ 2 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠶᠢ ᠠᠪᠴᠤ᠂ ᠮᠠᠨ ᠤ ᠬᠤᠰᠢᠭᠤᠨ ᠳᠤ ᠬᠦᠷᠦᠭᠰᠡᠨ ᠤ ᠳᠠᠷᠠᠭ᠎ᠠ ᠳᠠᠷᠤᠶᠢᠬᠠᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ  ᠪᠠᠶᠢᠴᠠᠭᠠᠯᠲᠠ ᠶᠢᠨ ᠦᠷ᠎ᠡ ᠳ᠋ᠦᠩ ᠭᠠᠷᠬᠤ ᠠᠴᠠ ᠡᠮᠦᠨ᠎ᠡ ᠭᠡᠷ ᠲᠡᠭᠡᠨ ᠰᠠᠭᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ ᠡᠨᠡᠬᠦ ᠬᠤᠭᠤᠴᠠᠭᠠᠨ ᠳᠤ ᠪᠤᠰᠤᠳ ᠬᠥᠮᠥᠨ ᠲᠠᠢ ᠣᠶᠢᠷᠠᠳᠬᠤ ᠠᠴᠠ ᠵᠠᠶᠢᠯᠠᠰᠬᠢᠨ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ ᠡᠮᠬᠢ ᠵᠢᠷᠤᠮ ᠲᠠᠢ ᠰᠢᠯᠵᠢᠵᠦ ᠪᠣᠯᠣᠨ᠎ᠠ᠃      ᠭᠤᠷᠪᠠ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠪᠥᠬᠦ ᠬᠤᠰᠢᠭᠤᠨ ᠤ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠪᠤᠰᠤᠳ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠱᠠᠭᠠᠷᠳᠠᠯᠭ᠎ᠠ ᠶᠣᠰᠣᠭᠠᠷ ᠬᠦᠮᠦᠰ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠴᠠᠭᠠᠰᠤᠨ ᠳᠡᠭᠡᠷ᠎ᠡ ᠳᠠᠩᠰᠠᠯᠠᠬᠤ᠂ ︽ᠬᠤᠣᠰ ᠺᠣᠳ᠋︾ ᠢᠶᠠᠷ ᠪᠠᠶᠢᠴᠠᠭᠠᠨ ᠰᠢᠯᠭᠠᠬᠤ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠤᠳᠠᠯ ᠬᠠᠭᠤᠷᠮᠠᠭ ᠺᠣᠳ᠋ ᠬᠡᠷᠡᠭᠯᠡᠬᠦ ᠵᠡᠷᠭᠡ ᠦᠵᠡᠭᠳᠡᠯ ᠢ ᠠᠩᠬᠠᠷᠤᠨ ᠰᠡᠷᠭᠡᠶᠢᠯᠡᠵᠦ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠨᠢ ᠬᠡᠪ ᠤᠨ ᠪᠤᠰᠤ ᠪᠠᠶᠢᠬᠤ ᠶᠢ ᠣᠯᠵᠤ ᠮᠡᠳᠡᠪᠡᠯ᠂ ᠬᠠᠷᠢᠶ᠎ᠠ ᠭᠠᠵᠠᠷ ᠤᠨ ᠵᠢᠯᠤᠭᠤᠳᠬᠤ ᠭᠠᠵᠠᠷ ᠪᠤᠶᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠷᠤᠶᠢᠬᠠᠨ ᠮᠡᠳᠡᠭᠦᠯᠬᠦ ᠬᠡᠷᠡᠭᠲᠡᠢ᠃ ᠥᠷᠭᠡᠨ ᠣᠯᠠᠨ ᠰᠠᠭᠤᠭᠠᠯᠢ ᠠᠷᠠᠳ ᠬᠡᠷᠪᠡ ᠬᠤᠪᠢ ᠬᠥᠮᠥᠨ ᠪᠤᠶᠤ ᠪᠤᠰᠤᠳ ᠤᠨ ᠡᠷᠡᠭᠦᠯ ᠮᠡᠨᠳᠦ ᠶᠢᠨ ᠺᠣᠳ᠋ ᠨᠢ ᠬᠡᠪ ᠤᠨ ᠪᠤᠰᠤ ᠪᠠᠶᠢᠬᠤ ᠶᠢ ᠣᠯᠵᠤ ᠮᠡᠳᠡᠪᠡᠯ᠂ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ︶᠂ ᠨᠢᠭᠡᠴᠡ ᠪᠤᠶᠤ ᠰᠠᠭᠤᠵᠤ ᠪᠠᠶᠢᠭ᠎ᠠ ᠵᠣᠴᠢᠳ ᠤᠨ ᠪᠠᠭᠤᠳᠠᠯ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠦᠭᠡᠢ᠂ ᠴᠤᠭᠯᠠᠷᠠᠯ ᠤᠨ ᠴᠢᠨᠠᠷᠲᠠᠢ ᠠᠵᠢᠯᠯᠠᠭ᠎ᠠ ᠳᠤ ᠣᠷᠤᠯᠴᠠᠬᠤ ᠦᠭᠡᠢ ᠪᠠᠶᠢᠵᠤ᠂ ᠵᠣᠬᠢᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ ᠭᠡᠷ ᠲᠡᠭᠡᠨ ᠠᠨᠠᠭᠠᠬᠤ ᠤᠬᠠᠭᠠᠨ ᠤ ᠲᠤᠰᠠᠭᠠᠷᠯᠠᠨ ᠠᠵᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠢᠨᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠰᠤᠮᠤ ᠪᠠᠯᠭᠠᠰᠤ ᠶᠢᠨ ᠺᠠᠳ᠋ᠷ᠂ ᠨᠡᠶᠢᠭᠡᠮ ᠲᠣᠭᠤᠷᠢᠭ ︵ᠭᠠᠴᠠᠭ᠎ᠠ︶ ᠤᠨ ᠺᠠᠳ᠋ᠷ᠂ ᠡᠮᠨᠡᠯᠭᠡ ᠶᠢᠨ ᠠᠵᠢᠯᠲᠠᠨ᠂ ᠠᠷᠠᠳ ᠤᠨ ᠴᠠᠭᠳᠠᠭ᠎ᠠ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ︽ᠲᠠᠪᠤᠨ ᠠᠵᠢᠯᠲᠠᠨ ᠨᠢᠭᠡ ᠭᠤᠣᠯᠳᠠᠯᠭ᠎ᠠ ᠲᠠᠢ ᠬᠦᠮᠦᠨ ᠢ ᠳᠠᠭᠠᠭᠠᠴᠢᠯᠠᠬᠤ︾ ᠨᠡᠶᠢᠭᠡᠮ ᠲᠣᠭᠤᠷᠢᠭ ︵ᠭᠠᠴᠠᠭ᠎ᠠ︶ ᠤᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠷ ᠲᠡᠭᠡᠨ ᠠᠨᠠᠭᠠᠬᠤ ᠤᠬᠠᠭᠠᠨ ᠤ ᠲᠤᠰᠠᠭᠠᠷᠯᠠᠯᠲᠠ ᠬᠢᠬᠦ ᠮᠡᠳᠡᠭᠳᠡᠯ ᠪᠠ ᠠᠮᠠᠯᠠᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠂ ᠭᠡᠷ ᠲᠡᠭᠡᠨ ᠲᠤᠰᠠᠭᠠᠷᠯᠠᠬᠤ ᠲᠠᠯᠠᠪᠤᠷ ᠢ ᠴᠢᠩᠭ᠎ᠠ ᠪᠠᠶᠢᠴᠠᠭᠠᠵᠤ᠂ ᠭᠡᠷ ᠲᠡᠭᠡᠨ ᠠᠨᠠᠭᠠᠬᠤ ᠤᠬᠠᠭᠠᠨ ᠤ ᠲᠤᠰᠠᠭᠠᠷᠯᠠᠯᠲᠠ ᠬᠢᠬᠦ ᠨᠥᠬᠦᠴᠡᠯ ᠢ ᠥᠯᠥ ᠬᠠᠩᠭᠠᠬᠤ ᠬᠦᠮᠦᠰ ᠲᠤ ᠴᠥᠮ ᠲᠥᠪᠯᠡᠷᠡᠭᠦᠯᠦᠨ ᠲᠤᠰᠠᠭᠠᠷᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃       ᠳᠥᠷᠪᠡ᠂ ᠡᠯ᠎ᠡ ᠰᠤᠮᠤ ᠪᠠᠯᠭᠠᠰᠤ᠂ ᠡᠯ᠎ᠡ ᠨᠢᠭᠡᠴᠡ ᠵᠢᠴᠢ ᠬᠤᠳᠠᠯᠳᠤᠭᠠᠨ ᠤ ᠳᠡᠯᠭᠡᠭᠦᠷ᠂ ᠵᠣᠴᠢᠳ ᠤᠨ ᠪᠠᠭᠤᠳᠠᠯ᠂ ᠬᠤᠭᠤᠯᠠᠨ ᠭᠡᠷ ᠵᠡᠷᠭᠡ ᠡᠵᠡᠩᠨᠡᠯᠲᠡ ᠶᠢᠨ ᠭᠠᠵᠠᠷ ᠠᠵᠢᠯᠲᠠᠨ ᠠᠵᠢᠯᠴᠢᠳ ᠵᠢᠴᠢ ᠭᠠᠳᠠᠨ᠎ᠠ ᠠᠴᠠ ᠢᠷᠡᠭᠰᠡᠨ ᠬᠥᠮᠥᠰ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠪᠠ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠬᠠᠯᠠᠭᠤᠷᠠᠬᠤ᠂ ᠬᠠᠭᠤᠷᠠᠢ ᠬᠠᠨᠢᠶᠠᠬᠤ᠂ ᠬᠤᠭᠤᠯᠠᠢ ᠡᠪᠡᠳᠬᠦ ᠵᠡᠷᠭᠡ ᠡᠪᠡᠳᠴᠢᠨ ᠤ ᠢᠯᠡᠷᠡᠯ ᠲᠠᠢ ᠬᠥᠮᠥᠰ ᠢ ᠴᠠᠭ ᠲᠤᠬᠠᠢ ᠳᠤᠨᠢ ᠡᠮᠨᠡᠭᠦᠯᠬᠦ ᠪᠠ ᠵᠢᠭᠰᠠᠭᠠᠨ ᠪᠠᠶᠢᠴᠠᠭᠠᠵᠤ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠰᠢᠢᠳᠪᠦᠷᠢᠯᠡᠬᠦ ᠬᠡᠷᠡᠭᠲᠡᠢ᠃ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠪᠣᠭᠤᠮᠲᠠ ᠶᠢ ᠰᠠᠶᠢᠲᠤᠷ ᠡᠵᠡᠮᠳᠡᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠤᠨ ᠣᠷᠣᠵᠤ ᠢᠷᠡᠬᠦ ᠶᠢ ᠪᠦᠲᠦᠮᠵᠢᠲᠡᠶ ᠬᠤᠷᠢᠭᠯᠠᠬᠤ ᠬᠡᠷᠡᠭᠲᠡᠢ᠃      ᠲᠠᠪᠤ᠂ ᠡᠯ᠎ᠡ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠳ ᠭᠠᠳᠠᠭᠰᠢ ᠭᠠᠷᠴᠤ ᠮᠡᠳᠡᠭᠦᠯᠦᠨ ᠳᠠᠩᠰᠠᠯᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠪᠠᠭᠰᠢ ᠰᠤᠷᠤᠭᠴᠢᠳ ᠡᠷᠬᠡᠪᠰᠢ ᠭᠠᠷᠬᠤ ᠴᠢᠬᠤᠯᠠ ᠦᠭᠡᠢ ᠪᠣᠯ ᠬᠢᠵᠢᠭ ᠡᠭᠦᠰᠦᠭᠰᠡᠨ ᠭᠠᠵᠠᠷ ᠣᠷᠣᠨ ᠳᠤ ᠣᠴᠢᠵᠤ ᠪᠣᠯᠬᠤ ᠦᠭᠡᠢ᠂ ᠪᠠᠭᠰᠢ ᠰᠣᠷᠣᠭᠴᠢ ᠵᠢᠴᠢ ᠠᠵᠢᠯᠴᠢᠳ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠪᠠ ᠡᠳᠦᠷ ᠲᠤᠲᠤᠮ ᠤᠨ ᠠᠷᠢᠭᠤᠳᠬᠠᠬᠤ ᠵᠡᠷᠭᠡ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠭᠦᠯᠬᠦ ᠳᠦᠷᠢᠮ᠂ ᠡᠪᠡᠳᠴᠢᠨ ᠠᠴᠠ ᠪᠣᠯᠵᠤ ᠠᠵᠢᠯ᠂ ᠬᠢᠴᠢᠶᠡᠯ ᠰᠠᠭᠠᠲᠠᠬᠤ ᠶᠢ ᠮᠦᠷᠳᠡᠨ ᠳᠠᠩᠰᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠤᠷᠭᠠᠭᠤᠯᠢ ᠶᠢᠨ ᠪᠠᠭᠰᠢ ᠰᠤᠷᠤᠭᠴᠢᠳ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠣᠨᠴᠠᠭᠠᠶ ᠪᠠᠶᠢᠳᠠᠯ ᠦᠭᠡᠢ ᠪᠣᠯ ᠮᠤᠵᠢ ᠠᠯᠤᠰᠯᠠᠨ ᠰᠢᠯᠵᠢᠵᠦ ᠪᠣᠯᠬᠤ ᠦᠭᠡᠢ᠃ ᠪᠠᠭᠰᠢ ᠰᠤᠷᠤᠭᠴᠢᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠠᠵᠢᠯ ᠢ ᠴᠢᠩᠭᠠᠳᠬᠠᠵᠤ᠂ ᠪᠠᠭᠰᠢ ᠰᠤᠷᠤᠭᠴᠢᠳ ᠲᠤ ᠬᠤᠪᠢ ᠬᠥᠮᠥᠨ ᠵᠢᠴᠢ ᠭᠡᠷ ᠪᠦᠯᠢ ᠶᠢᠨ ᠬᠠᠮᠠᠭᠠᠯᠠᠯᠲᠠ ᠶᠢ ᠴᠢᠩᠭ᠎ᠠ ᠰᠠᠶᠢᠲᠤᠷ ᠬᠢᠬᠦ ᠶᠢ ᠴᠠᠭ ᠲᠤᠬᠠᠢ ᠳᠤᠨᠢ ᠰᠠᠨᠠᠭᠤᠯᠬᠤ ᠬᠡᠷᠡᠭᠲᠡᠢ᠃      ᠵᠢᠷᠭᠤᠭ᠎ᠠ᠂ ᠬᠠᠩᠰᠢ ᠶᠢᠨ ᠬᠤᠭᠤᠴᠠᠭᠠᠨ ᠳᠤ ᠴᠤᠭᠯᠠᠷᠠᠬᠤ ᠪᠠ ᠴᠤᠭᠯᠠᠭᠠᠨ ᠡᠷᠬᠢᠯᠡᠬᠦ ᠶᠢ ᠰᠠᠨᠠᠭᠠᠴᠢᠯᠠᠬᠤ ᠦᠭᠡᠢ᠂ ᠶᠡᠭᠡ ᠬᠡᠪᠴᠢᠶ᠎ᠡ ᠪᠠᠷ ᠴᠤᠭᠯᠠᠷᠠᠵᠤ ᠪᠣᠯᠬᠤ ᠦᠭᠡᠢ᠂ ᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ︽ᠪᠠᠶᠠᠷ ᠤᠨ ᠶᠠᠪᠤᠳᠠᠯ ᠢ ᠲᠦᠷ ᠬᠤᠶᠢᠰᠢᠯᠠᠭᠤᠯᠬᠤ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ᠂ ᠳᠠᠶᠢᠯᠠᠯᠭ᠎ᠠ ᠦᠯᠦ ᠬᠢᠬᠦ︾ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠡᠯ᠎ᠡ ᠰᠤᠮᠤ ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ ᠤᠨ ᠬᠢᠨ ᠰᠦᠯᠵᠢᠶᠡᠨ ᠠᠴᠠ ᠭᠠᠳᠠᠭᠤᠷᠬᠢ ᠲᠣᠮᠣ ᠬᠡᠯᠪᠡᠷᠢ ᠶᠢᠨ ᠠᠵᠢᠯᠯᠠᠭ᠎ᠠ ᠶᠢ ᠠᠯᠢ ᠴᠢᠳᠠᠬᠤ ᠪᠠᠷ ᠪᠠᠭᠠᠰᠬᠠᠵᠤ᠂ ᠦᠨᠡᠨᠬᠦ ᠠᠵᠢᠯᠯᠠᠭ᠎ᠠ ᠡᠷᠭᠢᠯᠡᠬᠦ ᠴᠢᠬᠤᠯᠠᠲᠠᠢ ᠪᠣᠯ ︽ᠬᠡᠨ ᠡᠷᠭᠢᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ ᠮᠡᠳᠡᠭᠦᠯᠦᠨ ᠳᠠᠩᠰᠠᠯᠠᠭᠤᠯᠬᠤ ᠭᠠᠷ ᠭᠦᠢᠴᠡᠳᠬᠡᠯ ᠢ ᠴᠢᠩᠭ᠎ᠠ ᠭᠦᠢᠴᠡᠳᠬᠡᠵᠦ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠵᠣᠴᠢᠳ ᠤᠨ ᠪᠠᠭᠤᠳᠠᠯ᠂ ᠬᠤᠭᠤᠯᠠᠨ ᠭᠡᠷ ᠵᠡᠷᠭᠡ ᠡᠯ᠎ᠡ ᠲᠥᠷᠥᠯ ᠤᠨ ᠢᠳᠡᠭᠡᠨ ᠤᠮᠳᠠᠭᠠᠨ ᠤ ᠲᠠᠯᠠᠪᠤᠷ ᠤᠨ ᠬᠤᠭᠤᠯᠠᠯᠠᠬᠤ ᠬᠥᠮᠥᠨ ᠤ ᠲᠤᠭ᠎ᠠ ᠶᠢ ᠬᠠᠮᠤᠭ ᠤᠨ ᠶᠡᠭᠡ ᠳᠠᠭᠠᠭᠠᠴᠠ ᠶᠢᠨ 50% ᠠᠴᠠ ᠬᠡᠲᠦᠷᠡᠭᠦᠯᠵᠦ ᠪᠣᠯᠬᠤ ᠦᠭᠡᠢ᠂ ᠲᠤᠰᠬᠠᠢ ᠥᠷᠥᠭᠡ ᠵᠢᠴᠢ ᠭᠠᠭᠴᠠ ᠰᠢᠷᠡᠭᠡᠨ ᠳᠤ ᠬᠤᠭᠤᠯᠠᠯᠠᠬᠤ ᠬᠥᠮᠥᠨ ᠤ ᠲᠤᠭ᠎ᠠ ᠶᠢ 10 ᠬᠥᠮᠥᠨ ᠠᠴᠠ ᠬᠡᠲᠦᠷᠡᠭᠦᠯᠵᠦ ᠪᠣᠯᠬᠤ ᠦᠭᠡᠢ᠃      ᠳᠣᠯᠤᠭ᠎ᠠ᠂ ᠬᠠᠪᠤᠷ ᠤᠨ ᠤᠯᠠᠷᠢᠯ ᠳᠤ ᠠᠮᠢᠰᠬᠤᠯ ᠤᠨ ᠵᠠᠮ ᠤᠨ ᠡᠪᠡᠳᠴᠢᠨ ᠣᠯᠠᠨ ᠡᠭᠦᠰᠳᠡᠭ᠂ ᠬᠤᠪᠢ ᠬᠥᠮᠥᠨ ᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠪᠠ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠲᠠᠢ ᠪᠣᠯᠵᠤ᠂ ᠴᠥᠭᠡᠨ ᠴᠤᠭᠯᠠᠷᠠᠨ᠂ ᠠᠮᠠᠪᠴᠢ ᠵᠡᠭᠦᠵᠦ᠂ ᠦᠷᠭᠦᠯᠵᠢ ᠰᠠᠯᠬᠢ ᠨᠡᠪᠲᠡᠷᠡᠭᠦᠯᠦᠨ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠲᠣᠰ ᠪᠡᠶ᠎ᠡ ᠶᠢᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠤ ᠣᠶᠢᠯᠠᠭᠠᠭᠳᠠᠬᠤᠨ ᠢᠶᠠᠨ ᠴᠢᠩᠭᠠᠳᠬᠠᠬᠤ ᠬᠡᠷᠡᠭᠲᠡᠢ ᠭᠡᠵᠦ ᠥᠷᠭᠡᠨ ᠣᠯᠠᠨ ᠲᠦᠮᠡᠨ ᠳᠤ ᠰᠠᠨᠠᠭᠤᠯᠵᠤ ᠪᠠᠶᠢᠨ᠎ᠠ᠃                ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                2022 ᠣᠨ ᠤ 4 ᠰᠠᠷ᠎ᠠ ᠶᠢᠨ 1 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号