ᠪᠥᠬᠡᠪᠠᠶᠠᠷ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/20
     4 ᠰᠠᠷ᠎ᠠ ᠶᠢᠨ 18 ᠤ ᠦᠳᠡ ᠶᠢᠨ ᠬᠤᠶᠢᠨ᠎ᠠ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠰᠠᠯᠠᠭ᠎ᠠ ᠮᠥᠴᠢᠷ ᠢ ᠠᠵᠢᠯ ᠤᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠪᠣᠳᠠᠲᠠᠶᠢᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠸᠠᠺᠼᠢᠨ ᠤ ᠲᠠᠷᠢᠯᠭ᠎ᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠯᠦ ᠰᠢᠨ᠂ ᠤᠯᠠᠭᠠᠨᠲᠤᠶᠠᠭ᠎ᠠ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ︽ᠪᠥᠬᠦ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠥᠯᠥᠨ ᠪᠤᠶᠢᠷ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠤᠳᠤᠷᠢᠳᠬᠤ ᠳᠤᠭᠤᠶᠢᠯᠠᠩ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠮᠡᠳᠡᠭᠳᠡᠪᠡ︔ ᠡᠯ᠎ᠡ ᠰᠤᠮᠤ ᠪᠠᠯᠭᠠᠰᠤ ᠶᠢᠨ ᠬᠠᠷᠢᠶ᠎ᠠ ᠣᠷᠣᠨ ᠳᠠᠬᠢ ᠸᠠᠺᠼᠢᠨ ᠤ ᠲᠠᠷᠢᠯᠭ᠎ᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃
     ᠪᠥᠬᠡᠪᠠᠶᠠᠷ ᠵᠢᠭᠠᠵᠤ ᠭᠠᠷᠭᠠᠬᠤ ᠳᠠᠭᠠᠨ᠂ ᠣᠳᠣᠬᠠᠨ ᠳᠤ ᠪᠥᠬᠦ ᠬᠤᠰᠢᠭᠤᠨ ᠤ ᠸᠠᠺᠼᠢᠨ ᠤ ᠲᠠᠷᠢᠯᠭ᠎ᠠ ᠶᠢᠨ ᠠᠵᠢᠯ ᠰᠢᠪᠲᠤᠯᠤᠯᠲᠠ ᠶᠢᠨ ᠱᠠᠲᠤᠨ ᠳᠤ ᠣᠷᠣᠵᠤ ᠪᠠᠶᠢᠨ᠎ᠠ᠃ ᠴᠠᠭ ᠪᠠᠴᠢᠮ᠂ ᠡᠭᠦᠷᠭᠡ ᠬᠦᠨᠳᠦ ᠤᠴᠢᠷ ᠠᠴᠠ᠂ ᠡᠯ᠎ᠡ ᠰᠤᠮᠤ ᠪᠠᠯᠭᠠᠰᠤ ᠵᠢᠴᠢ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠦᠨ᠂ ᠬᠠᠷᠢᠶ᠎ᠠ ᠣᠷᠣᠨ ᠳᠠᠬᠢ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠵᠠᠰᠠᠭ ᠤᠨ ᠣᠷᠳᠣᠨ ᠬᠥᠮᠥᠨ ᠡᠷᠢᠬᠦ᠂ ᠠᠵᠢᠯ ᠲᠥᠷᠥᠯ ᠤᠨ ᠰᠠᠯᠠᠭ᠎ᠠ ᠮᠥᠴᠢᠷ ᠳᠠᠶᠢᠴᠢᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠷᠢᠯᠭ᠎ᠠ ᠬᠢᠬᠦ︾ ᠠᠵᠢᠯ ᠤᠨ ᠰᠡᠳᠬᠢᠮᠵᠢ ᠶᠢ ᠵᠢᠷᠤᠮᠯᠠᠨ᠂ ᠰᠢᠪᠲᠤᠯᠤᠯᠲᠠ ᠶᠢᠨ ᠡᠷᠴᠢ ᠵᠣᠷᠢᠭ ᠢᠶᠠᠨ ᠪᠠᠷᠢᠮᠲᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠬᠦᠨ ᠢ ᠲᠠᠷᠢᠯᠭ᠎ᠠ ᠬᠢᠬᠦ ᠬᠠᠷᠠᠯᠲᠠ ᠶᠢ ᠴᠢᠩᠭ᠎ᠠ ᠠᠩᠬᠠᠷᠴᠤ᠂ ᠠᠯᠬᠤᠮ ᠠᠯᠬᠤᠮ ᠢᠶᠠᠷ ᠤᠷᠤᠭᠰᠢᠯᠠᠨ᠂ ᠲᠠᠷᠢᠯᠭ᠎ᠠ ᠶᠢᠨ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠠᠷᠠᠳ ᠤᠯᠠᠨ ᠳᠤ ᠬᠢᠬᠦ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠪᠣᠳᠠᠲᠤ ᠬᠡᠷᠡᠭ ᠢ ᠳᠡᠯᠭᠡᠨ᠂ ᠶᠣᠰᠣ ᠤᠴᠢᠷ ᠢ ᠶᠠᠷᠢᠵᠤ᠂ ᠠᠷᠠᠳ ᠤᠯᠠᠨ ᠢ ᠬᠥᠲᠥᠯᠥᠨ ᠵᠢᠯᠤᠭᠤᠳᠴᠤ ᠪᠠᠶᠢᠭᠠᠳ ᠸᠠᠺᠼᠢᠨ ᠤ ᠲᠠᠷᠢᠯᠭ᠎ᠠ ᠶᠢ ᠪᠡᠶᠡᠯᠡᠭᠦᠯᠬᠦ ᠬᠡᠷᠡᠭᠲᠡᠢ᠃ ᠰᠢᠮᠳᠠᠭᠤᠯᠤᠨ ᠪᠠᠶᠢᠴᠠᠭᠠᠵᠤ ᠵᠢᠯᠤᠭᠤᠳᠬᠤ ᠡᠷᠴᠢᠮ ᠢ ᠤᠯᠠᠮ ᠴᠢᠨᠠᠭᠰᠢᠳᠠ ᠴᠢᠩᠭᠠᠷᠠᠭᠤᠯᠤᠨ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠲᠠᠷᠢᠯᠭ᠎ᠠ ᠶᠢᠨ ᠠᠮᠤᠷ ᠲᠦᠪᠰᠢᠨ ᠢ ᠪᠠᠲᠤᠯᠠᠨ᠂ ᠡᠯ᠎ᠡ ᠵᠦᠢᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠲᠠᠷᠢᠯᠭ᠎ᠠ ᠶᠢᠨ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠪᠥᠬᠡᠪᠠᠶᠠᠷ᠂ ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠦᠨ ᠯᠡ ᠬᠦᠨᠳᠦ ᠬᠡᠴᠡᠭᠦᠦ ᠪᠠᠶᠢᠵᠤ᠂ ᠪᠦᠬᠦ ᠤᠯᠤᠰ ᠤᠨ ᠡᠯ᠎ᠡ ᠭᠠᠵᠠᠷ ᠲᠤ ᠰᠢᠨ᠎ᠡ ᠪᠠᠷ ᠨᠡᠮᠡᠭᠳᠡᠭᠰᠡᠨ ᠡᠪᠡᠳᠴᠢᠨ ᠤ ᠵᠢᠱᠢᠶ᠎ᠡ ᠤᠯᠠᠨ ᠭᠠᠵᠠᠷ ᠲᠤ ᠣᠯᠠᠨᠲᠠ ᠡᠭᠦᠰᠬᠦ ᠬᠠᠨᠳᠤᠰᠢ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠯᠤᠲᠤ ᠶᠡᠭᠡ ᠥᠷᠢᠰᠦᠯᠳᠦᠭᠡᠨ ᠢ ᠠᠪᠴᠢᠷᠠᠭᠰᠠᠨ ᠪᠠᠶᠢᠨ᠎ᠠ᠃ ᠡᠯ᠎ᠡ ᠰᠠᠯᠠᠭ᠎ᠠ ᠮᠥᠴᠢᠷ ᠤᠳ ᠲᠤᠬᠠᠢ ᠶᠢᠨ ᠭᠠᠵᠠᠷ ᠲᠤᠨᠢ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠢᠨᠠᠨ ᠪᠠᠶᠢᠴᠠᠭᠠᠯᠲᠠ ᠬᠢᠬᠦ ᠡᠷᠴᠢᠮ ᠢ ᠴᠢᠩᠭᠠᠷᠠᠭᠤᠯᠵᠤ᠂ ᠬᠠᠷᠢᠶ᠎ᠠ ᠣᠷᠣᠨ ᠳᠠᠬᠢ ᠭᠠᠳᠠᠨ᠎ᠠ ᠠᠴᠠ ᠢᠷᠡᠭᠰᠡᠨ ᠬᠥᠮᠥᠰ ᠢ ᠴᠠᠭ ᠲᠤᠬᠠᠢ ᠳᠤᠨᠢ ᠡᠵᠡᠮᠳᠡᠵᠦ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠨ᠂ ᠡᠳ᠋ ᠪᠣᠳᠠᠰ ᠤᠨ ᠪᠠᠲᠤᠯᠠᠭ᠎ᠠ ᠶᠢ ᠰᠠᠶᠢᠲᠤᠷ ᠬᠢᠵᠦ᠂ ᠪᠥᠬᠦ ᠬᠤᠰᠢᠭᠤᠨ ᠤ ᠪᠣᠳᠠᠲᠠᠢ ᠪᠠᠶᠢᠭ᠎ᠠ ᠬᠥᠮᠥᠨ ᠠᠮᠠ ᠶᠢ ᠵᠢᠭᠰᠠᠭᠠᠨ ᠪᠠᠶᠢᠴᠠᠭᠠᠬᠤ ︽ᠡᠭᠦᠳᠡ ᠲᠣᠭᠰᠢᠬᠤ ᠠᠵᠢᠯᠯᠠᠭ᠎ᠠ︾ ᠥᠷᠨᠢᠭᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠵᠤ᠂ ᠬᠤᠶᠢᠰᠢᠳᠠ ᠶᠢᠨ ᠸᠠᠺᠼᠢᠨ ᠤ ᠲᠠᠷᠢᠯᠭ᠎ᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠵᠡᠷᠭᠡ ᠠᠵᠢᠯ ᠳᠤ ᠪᠠᠲᠤ ᠪᠠᠬᠢ ᠲᠤᠭ᠎ᠠ ᠪᠠᠷᠢᠮᠲᠠ ᠶᠢᠨ ᠪᠠᠲᠤᠯᠠᠭ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠲᠠᠷᠠᠭᠠᠴᠢ ᠶᠢᠨ ᠬᠤᠭᠤᠴᠠᠭᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号