ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠠᠵᠢᠯᠯᠠᠭ᠎ᠠ ᠶᠢᠨ ᠲᠤᠰᠬᠠᠢ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2022/4/21
     ᠲᠠᠸᠠᠷ ᠤᠨ ᠲᠡᠮᠳᠡᠭ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠲᠠᠸᠠᠷ ᠤᠨ ᠲᠡᠮᠳᠡᠭ ᠢ ᠬᠠᠮᠠᠭᠠᠯᠠᠬᠤ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ᠢᠯᠭᠠᠨ ᠲᠠᠨᠢᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠰᠤᠭ ᠪᠠ ᠬᠠᠤᠯᠢ ᠬᠡᠷᠡᠭᠵᠢᠭᠦᠯᠬᠦ ᠶᠡᠭᠡ ᠠᠩᠭᠢ ᠬᠠᠮᠲᠤᠷᠠᠨ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠬᠦ ᠡᠷᠬᠡ ᠶᠢᠨ ᠪᠠᠶᠢᠴᠠᠭᠠᠯᠲᠠ ᠦᠷᠨᠢᠭᠦᠯᠪᠡ᠃
     ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠪᠠᠷᠠᠭ᠎ᠠ ᠣᠷᠣᠭᠤᠯᠬᠤ ᠠᠷᠭ᠎ᠠ ᠵᠠᠮ ᠢ ᠯᠠᠪᠯᠠᠨ ᠠᠰᠠᠭᠤᠬᠤ᠂ ᠪᠠᠷᠠᠭ᠎ᠠ ᠣᠷᠣᠭᠤᠯᠵᠤ ᠪᠣᠷᠣᠯᠠᠭᠤᠯᠬᠤ ᠡᠬᠡ ᠳᠠᠩᠰᠠ ᠶᠢ ᠪᠠᠶᠢᠴᠠᠭᠠᠨ ᠦᠵᠡᠬᠦ᠂ ᠲᠠᠸᠠᠷ ᠤᠨ ᠲᠡᠮᠳᠡᠭ ᠢ ᠨᠠᠷᠠᠯᠢᠭ ᠢᠯᠭᠠᠬᠤ ᠵᠡᠷᠭᠡ ᠬᠡᠯᠪᠡᠷᠢ ᠪᠠᠷ ᠳᠠᠮᠵᠢᠨ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠬᠦ ᠡᠷᠬᠡ ᠳᠤ ᠬᠠᠯᠳᠠᠭᠰᠠᠨ ᠲᠠᠸᠠᠷ ᠢ ᠪᠣᠷᠣᠯᠠᠭᠤᠯᠬᠤ ᠪᠤᠶᠤ ᠬᠠᠭᠤᠷᠮᠠᠭᠯᠠᠨ ᠵᠣᠬᠢᠶᠠᠭᠰᠠᠨ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠶᠢᠨ ᠢᠯᠡᠳᠬᠡᠮᠵᠢ ᠲᠠᠢ ᠲᠠᠸᠠᠷ ᠢ ᠳᠤᠷ᠎ᠠ ᠪᠠᠷ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠬᠤ ᠶᠢᠨ ᠬᠠᠮᠲᠤ᠂ ᠡᠵᠡᠩᠨᠡᠭᠴᠢ ᠳᠤ ᠲᠠᠸᠠᠷ ᠤᠨ ᠲᠡᠮᠳᠡᠭ ᠢ ᠬᠠᠮᠠᠭᠠᠯᠠᠬᠤ ᠲᠠᠯ᠎ᠠ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠬᠠᠤᠯᠢ ᠠᠴᠠ ᠵᠥᠷᠢᠴᠡᠭᠰᠡᠨ ᠪᠠᠶᠢᠪᠠᠯ ᠡᠭᠦᠷᠭᠡᠯᠡᠬᠦ ᠬᠠᠤᠯᠢ ᠶᠢᠨ ᠬᠠᠷᠢᠭᠤᠴᠠᠯᠭ᠎ᠠ ᠶᠢ ᠤᠬᠠᠭᠤᠯᠤᠨ᠂ ᠡᠯ᠎ᠡ ᠡᠵᠡᠩᠨᠡᠯᠲᠡ ᠶᠢᠨ ᠡᠷᠦᠬᠡ ᠶᠢᠨ ᠲᠠᠸᠠᠷ ᠤᠨ ᠲᠡᠮᠳᠡᠭ ᠢ ᠬᠠᠮᠠᠭᠠᠯᠠᠬᠤ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠪᠡ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭᠴᠢᠳ ᠲᠤ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠤᠨ ᠪᠠᠶᠢᠴᠠᠭᠠᠯᠲᠠ ᠬᠢᠵᠦ᠂ ᠪᠠᠷᠠᠭ᠎ᠠ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠬᠤᠳᠠᠯ ᠬᠠᠭᠤᠷᠮᠠᠭ ᠡᠷᠬᠡ ᠳᠤ ᠬᠠᠯᠳᠠᠭᠰᠠᠨ ᠲᠠᠸᠠᠷ ᠢ ᠬᠤᠳᠠᠯᠳᠤᠨ ᠠᠪᠬᠤ ᠦᠭᠡᠢ᠂ ᠪᠣᠷᠣᠯᠠᠭᠤᠯᠬᠤ ᠦᠭᠡᠢ ᠪᠠᠶᠢᠬᠤ ᠶᠢ ᠤᠬᠠᠮᠰᠠᠷ  ᠠᠴᠠ ᠪᠠᠨ ᠪᠡᠶᠡᠯᠡᠭᠦᠯᠵᠦ᠂ ᠬᠡᠷᠡᠭᠯᠡᠭᠴᠢᠳ ᠲᠤ ᠠᠮᠤᠷ ᠲᠦᠪᠰᠢᠨ᠂ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠣᠷᠴᠢᠨ ᠨᠥᠬᠦᠴᠡᠯ ᠢ ᠬᠠᠩᠭᠠᠬᠤ ᠬᠡᠷᠡᠭᠲᠡᠢ ᠭᠡᠵᠦ ᠰᠠᠨᠠᠭᠤᠯᠤᠭᠰᠠᠨ ᠪᠠᠶᠢᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号