ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠮᠠᠨ ᠤ ᠬᠤᠰᠢᠭᠤᠨ ᠤ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2022/4/21
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠭᠠᠵᠠᠷ ᠤᠨ ᠳᠡᠳ᠋ ᠳᠠᠷᠤᠭ᠎ᠠ ᠵᠠᠩ ᠬᠤᠩ ᠵᠢᠴᠢ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠠᠵᠢᠯ ᠲᠥᠷᠥᠯ ᠤᠨ ᠲᠤᠰᠬᠠᠢ ᠮᠡᠷᠭᠡᠵᠢᠯᠲᠡᠨ 5 ᠬᠥᠮᠥᠨ ᠮᠠᠨ ᠤ ᠬᠤᠰᠢᠭᠤᠨ ᠳᠤ ᠢᠷᠡᠵᠦ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ᠃ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ ᠦ᠋ ᠶᠠᠨ ᠫᠢᠩ᠂ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃
     ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠲᠠᠯᠠᠪᠤᠷ ᠲᠤ ᠪᠠᠶᠢᠴᠠᠭᠠᠯᠲᠠ ᠬᠢᠬᠦ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠪᠠ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠠᠴᠠ ᠦᠨᠡᠯᠡᠨ ᠵᠢᠱᠢᠯᠲᠡ ᠬᠢᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠬᠤ ᠶᠢᠨ ᠬᠠᠮᠲᠤ᠂ ᠳᠡᠳ᠋ ᠭᠠᠵᠠᠷ ᠤᠨ ᠳᠠᠷᠤᠭ᠎ᠠ ᠵᠠᠩ ᠬᠤᠩ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠪᠠ ᠭᠤᠷᠪᠠᠨ ᠵᠢᠯ ᠤᠨ ᠲᠤᠰᠬᠠᠢ ᠴᠡᠭᠴᠡᠯᠡᠨ ᠵᠠᠰᠠᠬᠤ ᠵᠡᠷᠭᠡ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠡᠷᠬᠢᠮ ᠨᠠᠨᠳᠢᠨ ᠰᠠᠨᠠᠯ ᠳᠤᠷᠠᠳᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠠᠶᠢᠴᠠᠭᠠᠯᠲᠠ ᠶᠢᠨ ᠶᠠᠪᠤᠴᠠ ᠳᠤ ᠢᠯᠡᠷᠡᠭᠦᠯᠦᠭᠰᠡᠨ ᠳᠠᠯᠳᠠ ᠬᠡᠮ ᠤᠨ ᠠᠰᠠᠭᠤᠳᠠᠯ ᠢ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠵᠤ᠂ ᠪᠢᠲᠡᠭᠦᠦ ᠬᠠᠮᠢᠶᠠᠷᠤᠯᠲᠠ ᠶᠢ ᠪᠡᠶᠡᠯᠡᠭᠦᠯᠦᠨ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠨ᠎ᠠ ᠭᠡᠵᠦ ᠢᠯᠡᠳᠬᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号