︽ᠲᠠᠯ᠎ᠠ ᠨᠤᠲᠤᠭ ᠤᠨ ᠨᠤᠮ ᠤᠨ ᠦᠷᠦᠭᠡ︾ ᠨᠢ ᠨᠣᠮ ᠤᠨ ᠴᠠᠭᠠᠨ ᠪᠤᠶᠠᠨ ᠢᠶᠠᠷ ᠮᠠᠯᠴᠢᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/4/22
     ︽4.23︾ ᠤ ᠳᠡᠯᠡᠬᠡᠢ ᠶᠢᠨ ᠨᠤᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠲᠠᠯ᠎ᠠ ᠨᠤᠲᠤᠭ ᠤᠨ ᠨᠤᠮ ᠤᠨ ᠦᠷᠦᠭᠡ ᠶᠢᠨ ᠰᠣᠶᠣᠯ ᠤᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠠᠷᠤᠬᠠᠰᠢᠶᠠᠲᠤ ᠪᠠᠯᠭᠠᠰᠤ ᠬᠤᠰᠢᠭᠤᠨ ᠤ ᠰᠢᠨᠬᠤᠸᠠ ᠨᠤᠮ ᠤᠨ ᠳᠡᠯᠭᠡᠭᠦᠷ ᠲᠠᠢ ᠬᠠᠮᠲᠤᠷᠠᠨ᠂ ᠠᠷᠤᠬᠠᠰᠢᠶᠠᠲᠤ ᠪᠠᠯᠭᠠᠰᠤ ᠶᠢᠨ ᠪᠠᠶᠠᠨ᠋ᠠ᠋ᠭᠤᠯᠠ ᠭᠠᠴᠠᠭᠠᠨ ᠤ ᠲᠠᠯ᠎ᠠ ᠨᠤᠲᠤᠭ ᠤᠨ ᠨᠤᠮ ᠤᠨ ᠦᠷᠦᠭᠡᠨ ᠳᠤ ︽ᠨᠤᠮ ᠤᠨ ᠰᠤᠷᠪᠤᠯᠵᠢᠲᠤ ᠰᠢᠨ᠎ᠡ ᠪᠠᠷᠭᠤ ᠪᠠᠷᠠᠭᠤᠨ ᠬᠤᠰᠢᠭᠤ ᠨᠤᠮ ᠤᠨ ᠴᠠᠭᠠᠨ ᠪᠤᠶᠠᠨ ᠲᠦᠮᠡᠨ ᠡᠷᠦᠬᠡ ᠳᠤ ᠳᠡᠯᠭᠡᠷᠡᠬᠦ︾ ᠨᠤᠮ ᠤᠩᠰᠢᠬᠤ ᠠᠵᠢᠯᠯᠠᠭ᠎ᠠ ᠦᠷᠨᠢᠭᠦᠯᠪᠡ᠃
     ︽ᠲᠠᠯ᠎ᠠ ᠨᠤᠲᠤᠭ ᠤᠨ ᠨᠤᠮ ᠤᠨ ᠦᠷᠦᠭᠡ︾ ᠳᠤ᠂ ᠮᠠᠯᠴᠢᠳ ᠳᠤᠷ᠎ᠠ ᠪᠠᠭ᠋ᠠᠲᠠᠢ ᠨᠤᠮ ᠢᠶᠠᠨ ᠤᠩᠰᠢᠵᠤ᠂ ᠨᠤᠮ ᠤᠨ ᠠᠭᠤᠯᠭ᠎ᠠ ᠶᠢ ᠰᠣᠯᠢᠯᠴᠠᠵᠤ ᠪᠠᠶᠢᠯ᠎ᠠ᠃ ᠬᠠᠪᠤᠷ ᠤᠨ ᠤᠯᠠᠷᠢᠯ ᠤᠨ ᠮᠠᠯᠴᠢᠳ ᠤᠨ ᠲᠥᠯ ᠲᠣᠰᠬᠤ ᠶᠠᠭᠠᠷᠠᠯᠲᠠᠢ ᠴᠠᠭ ᠪᠣᠯᠬᠤᠷ᠂ ᠰᠤᠷᠤᠯᠴᠠᠬᠤ ᠴᠠᠭ ᠪᠠᠭ᠎ᠠ ᠪᠠᠶᠢᠳᠠᠭ᠃ ᠡᠨᠡᠬᠦ ᠬᠦᠳᠡᠯᠭᠡᠭᠡᠨ ᠢᠶᠠᠷ ᠳᠠᠮᠵᠢᠨ᠂ ᠮᠠᠯᠴᠢᠳ ᠠᠷᠠᠳ ᠲᠤ ᠠᠰᠢᠭ ᠬᠦᠷᠲᠡᠭᠡᠬᠦ ᠲᠦᠷᠥ ᠶᠢᠨ ᠪᠣᠳᠣᠯᠭ᠎ᠠ ᠶᠢᠨ ᠲᠤᠬᠠᠢ ᠣᠶᠢᠯᠠᠭᠠᠵᠤ ᠮᠡᠳᠡᠯᠭᠡ ᠮᠡᠷᠭᠡᠵᠢᠯ ᠰᠤᠷᠴᠤ ᠡᠵᠡᠮᠰᠢᠨ᠂ ᠣᠢ ᠤᠬᠠᠭᠠᠨ ᠢᠶᠠᠨ ᠬᠤᠷᠴᠠᠯᠠᠭᠰᠠᠨ ᠪᠠᠶᠢᠨ᠎ᠠ᠃
     ︽ᠲᠠᠯ᠎ᠠ ᠨᠤᠲᠤᠭ ᠤᠨ ᠨᠤᠮ ᠤᠨ ᠦᠷᠦᠭᠡ︾ ᠨᠢ ᠬᠡᠳᠦᠶᠢᠪᠡᠷ ᠪᠠᠭ᠎ᠠ ᠪᠣᠯᠪᠠᠴᠤ ᠨᠤᠮ ᠪᠢᠴᠢᠭ ᠤᠨ ᠲᠦᠷᠦᠯ ᠵᠦᠢᠯ ᠢᠶᠠᠷ ᠣᠯᠠᠨ ᠪᠠᠶᠢᠵᠤ᠂ ᠠᠷᠤᠬᠠᠰᠢᠶᠠᠲᠤ ᠪᠠᠯᠭᠠᠰᠤ ᠶᠢᠨ ᠪᠠᠶᠠᠨ᠋ᠠ᠋ᠭᠤᠯᠠ ᠭᠠᠴᠠᠭᠠᠨ ᠤ ᠨᠤᠮ ᠤᠨ ᠦᠷᠦᠭᠡᠨ ᠳᠤ ᠰᠢᠨᠬᠤᠸᠠ ᠨᠤᠮ ᠤᠨ ᠳᠡᠯᠭᠡᠭᠦᠷ ᠤᠨ ᠪᠡᠯᠭᠡᠯᠡᠭᠰᠡᠨ 432 ᠳᠡᠪᠲᠡᠷ ᠨᠤᠮ ᠢ ᠵᠡᠷᠭᠡᠯᠡᠨ ᠲᠠᠯᠪᠢᠵᠤ ᠪᠤᠢ᠃ ᠡᠳᠡᠭᠡᠷ ᠨᠤᠮ ᠤᠳ ᠨᠢ ᠭᠠᠴᠠᠭᠠᠨ ᠤ ᠮᠠᠯᠴᠢᠳ ᠪᠣᠯᠣᠨ ᠵᠠᠯᠠᠭᠤᠴᠤᠳ ᠪᠠᠭᠠᠴᠤᠳ ᠤᠨ ᠨᠣᠮ ᠤᠩᠰᠢᠬᠤ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠳᠡᠶᠢᠯᠦᠨ᠎ᠡ᠃ ᠬᠤᠰᠢᠭᠤᠨ ᠤ ᠰᠢᠨᠬᠤᠸᠠ ᠨᠤᠮ ᠤᠨ ᠳᠡᠯᠭᠡᠭᠦᠷ ᠤᠨ ᠠᠵᠢᠯᠲᠠᠨ ᠤ ᠬᠡᠯᠡᠬᠦ ᠪᠠᠷ᠂ ᠳᠠᠷᠠᠭᠠᠴᠢ ᠪᠠᠷ ᠦᠷᠬᠦᠯᠵᠢᠯᠡᠨ ᠮᠠᠯᠴᠢᠳ ᠤᠨ ᠨᠤᠮ ᠤᠩᠰᠢᠬᠤ ᠬᠡᠷᠡᠭᠴᠡᠭᠡ ᠶᠢ ᠦᠨᠳᠦᠰᠦᠯᠡᠨ ᠲᠠᠯ᠎ᠠ ᠨᠤᠲᠤᠭ ᠤᠨ ᠨᠤᠮ ᠤᠨ ᠦᠷᠦᠭᠡᠨ ᠤ ᠨᠤᠮ ᠤᠨ ᠲᠦᠷᠦᠯ ᠵᠦᠢᠯ ᠢ ᠦᠷᠬᠦᠯᠵᠢᠯᠡᠨ ᠪᠠᠶᠠᠯᠢᠭᠵᠢᠭᠤᠯᠬᠤ ᠪᠤᠯᠤᠨ᠎ᠠ᠃
     ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠦᠷᠬᠦᠯᠵᠢᠯᠡᠨ ᠲᠠᠯ᠎ᠠ ᠨᠤᠲᠤᠭ ᠤᠨ ᠨᠤᠮ ᠤᠨ ᠦᠷᠦᠭᠡ ᠶᠢᠨ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠨᠤᠮ ᠤᠨ ᠦᠷᠦᠭᠡᠨ ᠤ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠰᠤᠷᠤᠯᠴᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠣᠯᠠᠨ ᠵᠦᠢᠯ ᠤᠨ ᠬᠡᠯᠪᠡᠷᠢ ᠮᠠᠶ᠋ᠢᠭ ᠤᠨ ᠰᠤᠷᠤᠯᠴᠠᠬᠤ ᠠᠵᠢᠯᠯᠠᠭ᠎ᠠ ᠦᠷᠨᠢᠭᠦᠯᠦᠨ᠂ ᠰᠢᠨ᠎ᠡ ᠶᠢ ᠡᠭᠦᠳᠬᠦ ᠶᠢ ᠮᠠᠯᠴᠢᠳ ᠲᠤ ᠤᠬᠠᠭᠤᠯᠵᠤ᠂ ᠠᠳᠠᠯᠢ ᠪᠤᠰᠤ ᠰᠤᠶᠤᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠂ ᠮᠡᠳᠡᠯᠭᠡ ᠤᠯᠠᠮᠵᠢᠯᠠᠬᠤ ᠪᠠ ᠮᠡᠳᠡᠭᠡ ᠵᠠᠩᠭᠢ ᠶᠢᠨ ᠰᠣᠯᠢᠯᠴᠠᠭᠠᠨ ᠤ ᠴᠢᠬᠤᠯᠠ ᠲᠠᠪᠴᠠᠩ ᠪᠣᠯᠭᠠᠵᠤ᠂ ᠲᠠᠯ᠎ᠠ ᠨᠤᠲᠤᠭ ᠤᠨ ᠨᠣᠮ ᠤᠨ ᠦᠷᠦᠭᠡ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠣᠯᠠᠨ ᠲᠦᠮᠡᠨ ᠳᠤ ᠣᠶᠤᠨ ᠤ ᠬᠦᠨᠡᠰᠦ ᠬᠠᠩᠭᠠᠬᠤ ᠪᠠᠷ ᠴᠢᠷᠮᠠᠶᠢᠨ᠎ᠠ᠃              ᠰᠤᠷᠪᠤᠯᠵᠢᠯᠠᠭᠴᠢ᠄ ᠢᠦᠢ ᠭᠤᠸᠠᠩ   ᠬᠤ᠋ ᠵᠢᠶᠣᠤ ᠵᠢᠶᠣᠤ ᠵᠢᠶᠣᠤ   ᠲᠢᠶᠠᠨ ᠬᠤᠤ ᠯᠢᠨ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号