ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠣᠨ ᠰᠤᠷᠭᠠᠭᠤᠯᠢ ᠬᠠᠮᠲᠤᠷᠠᠨ ᠭᠠᠶᠢᠯᠢ ᠲᠠᠲᠠᠪᠤᠷᠢ ᠶᠢᠨ ᠬᠠᠥᠯᠢ ᠪᠠᠷ ᠵᠠᠰᠠᠬᠤ ᠬᠦᠮᠦᠵᠢᠯ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/4/22
     ᠣᠶᠢᠷ᠎ᠠ ᠶᠢᠨ ᠡᠳᠦᠷ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠭᠠᠶᠢᠯᠢ ᠲᠠᠲᠠᠪᠤᠷᠢ ᠶᠢᠨ ᠬᠠᠷᠠᠭᠠᠯᠵᠠᠯ ᠢᠶᠠᠷ ᠬᠦᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ︾ ᠭᠤᠣᠯ ᠰᠡᠳᠦᠪ ᠤᠨ ᠲᠣᠭᠤᠷᠢᠨ ᠳᠤ᠂ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ᠂ ᠵᠠᠯᠠᠭᠤᠴᠤᠳ ᠪᠠᠭᠠᠴᠤᠳ ᠲᠤ ᠬᠠᠥᠯᠢ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠵᠦ᠂ ᠭᠠᠶᠢᠯᠢ ᠲᠠᠲᠠᠪᠤᠷᠢ ᠶᠢᠨ ᠬᠠᠥᠯᠢ ᠪᠠᠷ ᠵᠠᠰᠠᠬᠤ ᠬᠦᠮᠦᠵᠢᠯ ᠢ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠬᠠᠥᠯᠢ ᠶᠢᠨ ᠮᠡᠳᠡᠴᠡ ᠶᠢᠨ ᠬᠡᠮᠵᠢᠶ᠎ᠡ ᠶᠢ ᠳᠡᠭᠡᠭᠰᠢᠯᠡᠭᠦᠯᠦᠭᠰᠡᠨ ᠪᠠᠶᠢᠨ᠎ᠠ᠃
     ᠠᠵᠢᠯᠯᠠᠭᠠᠨ ᠤ ᠲᠠᠯᠠᠪᠤᠷ ᠲᠤ᠂ ᠭᠠᠶᠢᠯᠢ ᠶᠢᠨ ᠶᠠᠪᠤᠳᠠᠯ ᠤᠨ ᠠᠵᠢᠯᠲᠠᠳ  PPT ᠪᠠᠷ ᠳᠦᠭᠦᠮ ᠣᠶᠢᠯᠠᠭᠠᠮᠵᠢᠲᠠᠢ ᠦᠭᠡ ᠬᠡᠯᠡᠯᠭᠡ ᠪᠠ ᠠᠮᠢᠳᠤᠯᠢᠭ ᠰᠤᠨᠢᠷᠬᠠᠯᠲᠠᠢ ᠦᠯᠢᠭᠡᠷ ᠵᠢᠱᠢᠶ᠎ᠡ ᠪᠠᠷ ᠭᠠᠶᠢᠯᠢ ᠶᠢᠨ ᠬᠠᠥᠯᠢ ᠶᠢᠨ ᠬᠤᠪᠢᠷᠠᠯᠲᠠ ᠶᠢ ᠲᠠᠶᠢᠯᠪᠤᠷᠢᠯᠠᠨ᠂ ᠰᠤᠷᠤᠭᠴᠢᠳ ᠲᠤ ᠶᠠᠭᠤ ᠶᠢ ᠭᠠᠶᠢᠯᠢ ᠲᠠᠲᠠᠪᠤᠷᠢ᠂ ᠭᠠᠶᠢᠯᠢ ᠲᠠᠲᠠᠪᠤᠷᠢ ᠶᠢᠨ ᠠᠮᠢᠳᠤᠷᠠᠯ ᠯᠤᠭ᠎ᠠ ᠶᠢᠨ ᠬᠠᠷᠢᠴᠠᠭ᠎ᠠ᠂ ᠭᠠᠶᠢᠯᠢ ᠲᠠᠲᠠᠪᠤᠷᠢ ᠶᠢᠨ ᠬᠡᠷᠡᠭᠴᠡᠭᠡ ᠵᠡᠷᠭᠡ ᠮᠡᠳᠡᠯᠭᠡ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠵᠠᠯᠠᠭᠤᠴᠤᠳ ᠪᠠᠭᠠᠴᠤᠳ ᠤᠨ ᠭᠠᠶᠢᠯᠢ ᠶᠢᠨ ᠬᠠᠥᠯᠢ ᠶᠢᠨ ᠲᠤᠬᠠᠢ ᠲᠠᠨᠢᠯᠲᠠ ᠶᠢ ᠨᠡᠮᠡᠭᠳᠡᠭᠦᠯᠵᠦ᠂ ᠭᠠᠶᠢᠯᠢ ᠶᠢᠨ ᠬᠠᠥᠯᠢ ᠶᠢ ᠲᠦᠭᠡᠮᠡᠯᠵᠢᠭᠦᠯᠬᠦ ᠠᠵᠢᠯ ᠢ ᠴᠢᠩᠭ᠎ᠠ ᠠᠳᠬᠤᠨ ᠡᠷᠴᠢᠮ ᠶᠠᠪᠤᠭᠳᠠᠭᠤᠯᠪᠠ᠃
     ᠲᠤᠰ ᠤᠳᠠᠭᠠᠨ ᠤ ᠠᠵᠢᠯᠯᠠᠭ᠎ᠠ ᠦᠷᠨᠢᠭᠦᠯᠬᠦ ᠪᠠᠷ ᠳᠠᠮᠵᠢᠨ᠂ ᠰᠤᠷᠤᠭᠴᠢᠳ ᠲᠤ ︽ᠬᠠᠥᠯᠢ ᠶᠣᠰᠣᠭᠠᠷ ᠭᠠᠶᠢᠯᠢ ᠲᠤᠰᠢᠶᠠᠬᠤ᠂ ᠢᠲᠡᠭᠡᠮᠵᠢ ᠲᠠᠢ ᠬᠠᠶᠢᠯᠢ ᠲᠤᠰᠢᠶᠠᠬᠤ︾ ᠣᠶᠢᠯᠠᠭᠠᠭᠳᠠᠬᠤᠨ ᠢ ᠭᠦᠨᠵᠡᠭᠡᠢ ᠣᠶᠢᠯᠠᠭᠠᠭᠤᠯᠤᠨ᠂ ᠠᠮᠤᠷ ᠲᠦᠪᠰᠢᠨ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠤᠨ᠂ ᠬᠠᠥᠯᠢ ᠶᠢ ᠰᠤᠷᠤᠯᠴᠠᠬᠤ᠂ ᠬᠠᠥᠯᠢ ᠶᠢ ᠮᠡᠳᠡᠬᠦ᠂ ᠬᠠᠥᠯᠢ ᠶᠢ ᠰᠠᠬᠢᠬᠤ᠂ ᠬᠠᠥᠯᠢ ᠶᠢ ᠬᠡᠷᠡᠭᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠭᠰᠠᠨ ᠪᠠᠶᠢᠨ᠎ᠠ᠃                          ᠰᠤᠷᠪᠤᠯᠵᠢᠯᠠᠭᠴᠢ᠄ ᠰᠣᠨᠣᠷ   ᠪᠣᠤ ᠯᠢᠨ ᠯᠢᠨ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号