4 ᠰᠠᠷ᠎ᠠ ᠶᠢᠨ 23 ᠤ ᠡᠳᠦᠷ᠂ ᠮᠠᠨᠵᠤᠤᠷ ᠬᠤᠲᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ | ᠶᠠᠪᠤᠴᠠ ᠳᠤ ᠪᠦᠭᠡᠮ ᠬᠦᠴᠢᠯ ᠤᠨ ᠪᠠᠶᠢᠴᠠᠭᠠᠯᠲᠠ ᠨᠢ ᠠᠷᠭ᠎ᠠ ᠴᠢᠨᠠᠷᠲᠠᠢ 3 ᠬᠥᠮᠥᠨ ᠢ ᠪᠠᠶᠢᠴᠠᠭᠠᠨ ᠭᠠᠷᠭᠠᠪᠠ᠂ | ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠲᠣᠬᠢᠷᠠᠭᠤᠯᠤᠯᠲᠠ ᠶᠣᠰᠣᠭᠠᠷ᠂ ︽ᠭᠠᠳᠠᠨ᠎ᠠ ᠠᠴᠠ ᠬᠠᠯᠳᠠᠪᠤᠷᠢᠯᠠᠨ | ᠣᠷᠣᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠠᠴᠠ ᠰᠡᠷᠭᠡᠶᠢᠯᠡᠬᠦ︾ ᠠᠵᠢᠯ ᠢ ᠤᠯᠠᠮ | ᠴᠢᠨᠠᠭᠰᠢᠳᠠ ᠰᠠᠶᠢᠲᠤᠷ ᠬᠢᠬᠦ ᠶᠢᠨ ᠲᠤᠰᠠᠳᠠ᠂ ᠵᠢᠯᠤᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠣᠳᠤ | ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠵᠠᠷᠯᠠᠶ᠎ᠠ᠄ | ᠨᠢᠭᠡ᠂ 4 ᠰᠠᠷ᠎ᠠ ᠶᠢᠨ 8 ᠤ ᠡᠳᠦᠷ ᠠᠴᠠ ᠨᠠᠰᠢ ᠮᠠᠨᠵᠤᠤᠷ ᠬᠤᠲᠠ ︵ᠵᠠᠯᠠᠶᠢᠨᠠᠭᠤᠷ ᠲᠣᠭᠤᠷᠢᠭ ᠢ ᠪᠠᠭᠲᠠᠭᠠᠨ᠎ᠠ︶ | ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠪᠥᠭᠡᠳ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠴᠠᠭ | ᠲᠤᠬᠠᠢ ᠳᠤᠨᠢ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ︶᠂ ᠪᠠᠶᠢᠭᠤᠯᠭ᠎ᠠ ᠨᠢᠭᠡᠴᠡ ᠳᠡᠭᠡᠨ ᠮᠡᠳᠡᠭᠦᠯᠬᠦ ᠶᠢᠨ ᠬᠠᠮᠲᠤ᠂ | ᠨᠥᠬᠦᠵᠦ ᠭᠦᠢᠴᠡᠭᠡᠬᠦ ᠵᠠᠷᠴᠢᠮ ᠶᠣᠰᠣᠭᠠᠷ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ | ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠬᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠲᠤᠰᠠᠭᠠᠷᠯᠠᠪᠠᠯ ᠵᠣᠬᠢᠬᠤ ᠶᠢ ᠪᠦᠬᠦᠨ ᠢ ᠲᠤᠰᠠᠭᠠᠷᠯᠠᠬᠤ ᠶᠢ ᠪᠠᠲᠤᠯᠠᠬᠤ ᠬᠡᠷᠡᠭᠲᠡᠢ᠃ ᠭᠠᠳᠠᠭᠰᠢ | ᠭᠠᠷᠤᠭᠰᠠᠨ ᠵᠠᠮ ᠢᠶᠠᠨ ᠵᠣᠷᠢᠭᠤᠳᠠ ᠨᠢᠭᠤᠨ ᠳᠠᠯᠳᠠᠯᠠᠭᠰᠠᠨ ᠪᠤᠶᠤ ᠬᠤᠯᠪᠣᠭᠳᠠᠯ ᠪᠦᠬᠦᠢ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠳᠤ ᠬᠠᠮᠵᠢᠯᠴᠠᠬᠤ ᠶᠢ ᠲᠡᠪᠴᠢᠭᠰᠡᠨ ᠠᠴᠠ ᠪᠣᠯᠵᠤ ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ | ᠬᠥᠮᠥᠰ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠠᠯᠪᠠᠨ | ᠲᠤᠰᠢᠶᠠᠯᠲᠠᠨ ᠭᠠᠳᠠᠭᠰᠢ ᠭᠠᠷᠤᠭᠰᠠᠨ ᠵᠠᠮ ᠢᠶᠠᠨ ᠨᠢᠭᠤᠨ ᠳᠠᠯᠳᠠᠯᠠᠭᠰᠠᠨ ᠪᠠᠶᠢᠪᠠᠯ᠂ ᠬᠤᠰᠢᠭᠤᠨ ᠤ ᠰᠠᠬᠢᠯᠭ᠎ᠠ ᠪᠠᠲᠤ | ᠪᠠᠶᠢᠴᠠᠭᠠᠬᠤ ᠪᠠᠶᠢᠭᠤᠯᠭ᠎ᠠ ᠳᠤ ᠲᠤᠰᠢᠶᠠᠨ ᠬᠠᠤᠯᠢ ᠶᠣᠰᠣᠭᠠᠷ ᠰᠢᠢᠳᠪᠦᠷᠢᠯᠡᠭᠦᠯᠦᠨ᠎ᠡ᠃ | ᠬᠤᠶᠠᠷ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠭᠢᠨᠳᠠᠨ ᠬᠤᠷᠢᠭᠤᠯ ᠤᠨ ᠭᠠᠵᠠᠷ ᠲᠤ | ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯᠲᠠᠳ ᠤᠨ ᠣᠷᠣᠵᠤ ᠭᠠᠷᠬᠤ ᠶᠢ ᠴᠠᠭᠠᠵᠠᠯᠠᠨ᠎ᠠ᠃ | ᠪᠡᠶ᠎ᠡ ᠶᠢᠨ ᠲᠠᠮᠢᠷ ᠤᠨ ᠤᠷᠤᠯᠳᠤᠭᠠᠨ᠂ ᠤᠷᠠᠨ ᠰᠠᠶᠢᠬᠠᠨ ᠤ ᠲᠣᠭᠯᠠᠯᠲᠠ᠂ ᠳᠡᠯᠭᠡᠨ ᠪᠣᠷᠣᠯᠠᠭᠤᠯᠬᠤ ᠵᠡᠷᠭᠡ | ᠴᠤᠭᠯᠠᠷᠠᠯ ᠤᠨ ᠴᠢᠨᠠᠷᠲᠠᠢ ᠠᠵᠢᠯᠯᠠᠭ᠎ᠠ ᠡᠷᠭᠢᠯᠡᠬᠦ ᠶᠢ ᠲᠦᠷ ᠬᠤᠶᠢᠰᠢᠯᠠᠭᠤᠯᠤᠨ᠎ᠠ᠃ ᠪᠡᠯᠪᠡᠰᠦᠷᠡᠯ ᠤᠨ ᠶᠠᠪᠤᠳᠠᠯ ᠢ | ᠳᠥᠭᠦᠮᠴᠢᠯᠡᠬᠦ᠂ ᠪᠠᠶᠠᠷ ᠤᠨ ᠶᠠᠪᠤᠳᠠᠯ ᠢ ᠬᠤᠶᠢᠰᠢᠯᠠᠭᠤᠯᠬᠤ᠂ ᠳᠠᠶᠢᠯᠠᠯᠭ᠎ᠠ ᠦᠯᠦ ᠬᠢᠬᠦ ᠵᠡᠷᠭᠡ ᠶᠢ ᠰᠠᠨᠠᠭᠠᠴᠢᠯᠠᠨ᠎ᠠ᠃ ᠡᠯ᠎ᠡ | ᠲᠥᠷᠥᠯ ᠤᠨ ᠡᠵᠡᠩᠨᠡᠯᠲᠡ ᠶᠢᠨ ᠲᠠᠯᠠᠪᠤᠷ ᠭᠠᠵᠠᠷ 50% ᠶᠢᠨ ᠤᠷᠤᠰᠬᠠᠯ ᠤᠨ ᠬᠡᠮᠵᠢᠶ᠎ᠡ ᠪᠠᠷ ᠡᠵᠡᠩᠨᠡᠵᠦ᠂ | ᠲᠤᠬᠠᠶᠢᠯᠠᠭᠰᠠᠨ ᠠᠵᠢᠯ ᠤᠨ ᠠᠵᠢᠯᠲᠠᠨ ᠵᠢᠴᠢ ᠬᠡᠷᠡᠭᠯᠡᠭᠴᠢᠳ ᠴᠥᠮ ᠠᠮᠠᠪᠴᠢ ᠵᠡᠭᠦᠵᠦ᠂ ᠪᠡᠶ᠎ᠡ ᠶᠢᠨ ᠳᠤᠯᠠᠭᠠᠨ ᠢ | ᠬᠡᠮᠵᠢᠬᠦ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠯᠠᠪᠯᠠᠬᠤ᠂ ᠠᠷᠢᠭᠤᠳᠬᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ | ᠴᠢᠩᠭ᠎ᠠ ᠬᠠᠮᠢᠶᠠᠷᠤᠯᠲᠠ ᠬᠢᠵᠦ᠂ ᠡᠯ᠎ᠡ ᠲᠥᠷᠥᠯ ᠤᠨ ᠡᠵᠡᠩᠨᠡᠯᠲᠡ ᠶᠢᠨ ᠲᠠᠯᠠᠪᠤᠷ ᠭᠠᠵᠠᠷ ᠢ ᠬᠢᠨᠠᠨ ᠵᠢᠯᠤᠭᠤᠳᠴᠤ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ | ᠨᠡᠶᠢᠴᠡᠬᠦ ᠦᠭᠡᠢ ᠡᠵᠡᠩᠨᠡᠯᠲᠡ ᠶᠢᠨ ᠲᠠᠯᠠᠪᠤᠷ ᠭᠠᠵᠠᠷ ᠢ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠳᠠᠷᠤᠶᠢᠬᠠᠨ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠬᠦ ᠬᠡᠷᠡᠭᠲᠡᠢ᠃ | ᠭᠤᠷᠪᠠ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠪᠠ ᠲᠡᠷᠭᠡᠨ ᠳᠤ ᠰᠠᠭᠤᠭᠰᠠᠳ ᠬᠤᠪᠢ ᠬᠥᠮᠥᠨ ᠤ | ᠬᠠᠮᠠᠭᠠᠯᠠᠯᠲᠠ ᠵᠢᠴᠢ ᠡᠳᠦᠷ ᠲᠤᠲᠤᠮ ᠤᠨ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠲᠥᠷᠥᠯ ᠤᠨ | ᠡᠮ ᠤᠨ ᠵᠦᠢᠯ ᠤᠨ ᠪᠣᠷᠤᠯᠠᠭᠤᠯᠭ᠎ᠠ ᠶᠢᠨ ᠲᠣᠣᠷ ᠴᠡᠭ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ᠂ | ᠸᠢᠷᠦ᠋ᠰ ᠢ ᠡᠰᠡᠷᠭᠦᠴᠡᠬᠦ᠂ ᠪᠠᠺᠲ᠋ᠧᠷᠢ ᠶᠢ ᠡᠰᠡᠷᠭᠦᠴᠡᠬᠦ ᠵᠡᠷᠭᠡ ᠡᠮ ᠤᠨ ᠵᠦᠢᠯ ᠤᠨ ᠪᠣᠷᠤᠯᠠᠭᠤᠯᠬᠤ ᠳᠤ ᠦᠨᠡᠨ | ᠨᠡᠷ᠎ᠡ ᠪᠠᠷ ᠳᠠᠩᠰᠠᠯᠠᠭᠤᠯᠬᠤ ᠪᠠ ᠬᠠᠯᠠᠭᠤᠷᠠᠭᠰᠠᠳ ᠢ ᠵᠢᠭᠰᠠᠭᠠᠨ ᠪᠠᠶᠢᠴᠠᠭᠠᠭᠰᠠᠨ ᠮᠡᠳᠡᠭᠦᠯᠦᠯᠲᠡ ᠶᠢ ᠴᠢᠩᠭ᠎ᠠ | ᠰᠠᠶᠢᠲᠤᠷ ᠬᠢᠬᠦ ᠬᠡᠷᠡᠭᠲᠡᠢ᠃ | ᠳᠥᠷᠪᠡ᠂ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠲᠥᠷᠥᠯ ᠤᠨ | ᠡᠵᠡᠩᠨᠡᠯᠲᠡ ᠶᠢᠨ ᠲᠣᠣᠷ ᠴᠡᠭ᠂ ᠣᠯᠠᠨ ᠨᠡᠶᠢᠲᠡ ᠶᠢᠨ ᠲᠠᠯᠠᠪᠤᠷ ᠭᠠᠵᠠᠷ ᠤᠳ ᠬᠢᠵᠢᠭ ᠤᠨ ᠪᠠᠶᠢᠳᠠᠯ ᠢ | ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠪᠥᠬᠦ ᠠᠵᠢᠯᠲᠠᠳ ᠲᠤ ᠥᠷᠯᠥᠭᠡ ᠦᠳᠡ ᠶᠢᠨ | ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠰᠠᠯᠬᠢ ᠵᠢᠪᠠᠷ ᠨᠡᠪᠲᠡᠷᠡᠭᠦᠯᠦᠨ ᠠᠷᠢᠭᠤᠳᠬᠠᠬᠤ ᠵᠡᠷᠭᠡ ᠠᠵᠢᠯ ᠢ | ᠰᠠᠶᠢᠲᠤᠷ ᠬᠢᠵᠦ᠂ ᠬᠠᠯᠠᠭᠤᠷᠠᠭᠰᠠᠨ ᠡᠪᠡᠳᠴᠢᠲᠡᠨ ᠢ ᠣᠯᠵᠤ ᠮᠡᠳᠡᠪᠡᠯ ᠳᠠᠷᠤᠶᠢᠬᠠᠨ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠬᠤ ᠡᠭᠦᠳᠡᠨ ᠡᠮᠨᠡᠯᠭᠡ ᠳᠤ ᠬᠦᠷᠭᠡᠵᠦ ᠡᠮᠨᠡᠭᠦᠯᠬᠦ ᠬᠡᠷᠡᠭᠲᠡᠢ᠃ | ᠲᠠᠪᠤ᠂ ︽5 · 1︾ ᠤ ᠠᠮᠠᠷᠠᠯᠲᠠ ᠶᠢᠨ ᠬᠤᠭᠤᠴᠠᠭᠠᠨ ᠳᠤ᠂ ᠣᠳᠣᠬᠠᠨ ᠤ ᠤᠯᠤᠰ ᠤᠨ ᠳᠣᠲᠣᠭᠠᠳᠤ ᠵᠢᠴᠢ | ᠡᠷᠬᠢᠨ ᠲᠣᠭᠤᠷᠢᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠢ ᠦᠨᠳᠦᠰᠦᠯᠡᠨ᠂ ᠥᠷᠭᠡᠨ ᠤᠯᠠᠨ ᠰᠠᠭᠤᠭᠠᠯᠢ | ᠠᠷᠠᠳ ᠠᠮᠠᠷᠠᠯᠲᠠ ᠶᠢᠨ ᠬᠤᠭᠤᠴᠠᠭᠠᠨ ᠳᠤ ᠴᠢᠬᠤᠯᠠ ᠦᠭᠡᠢ ᠪᠣᠯ ᠬᠥᠯᠥᠨ ᠪᠤᠶᠢᠷ ᠬᠤᠳᠠ ᠠᠴᠠ ᠭᠠᠷᠬᠤ ᠦᠭᠡᠢ᠂ | ᠭᠠᠳᠠᠭᠰᠢ ᠭᠠᠷᠬᠤ ᠦᠭᠡᠢ ᠪᠠᠶᠢᠬᠤ ᠶᠢ ᠰᠠᠨᠠᠭᠠᠴᠢᠯᠠᠵᠤ᠂ ᠬᠥᠮᠥᠰ ᠤᠨ ᠰᠢᠯᠵᠢᠯᠲᠡ ᠪᠣᠯᠣᠨ ᠶᠡᠭᠡ ᠬᠡᠪᠴᠢᠶᠡᠨ ᠤ | ᠨᠡᠶᠢᠭᠡᠮ ᠤᠨ ᠬᠠᠷᠢᠯᠴᠠᠭ᠎ᠠ ᠠᠴᠠ ᠪᠣᠯᠵᠤ ᠬᠢᠵᠢᠭ ᠤᠨ ᠪᠠᠶᠢᠳᠠᠯ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠦᠨᠡᠬᠡᠷ ᠭᠠᠳᠠᠭᠰᠢ ᠭᠠᠷᠬᠤ ᠴᠢᠬᠤᠯᠠ ᠲᠠᠢ ᠪᠣᠯ ᠪᠠᠶᠢᠭ᠎ᠠ ᠨᠢᠭᠡᠴᠡ᠂ ᠨᠡᠶᠢᠭᠡᠮ | ᠲᠣᠭᠤᠷᠢᠭ ᠲᠤ ᠪᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠠᠶᠠᠨ ᠵᠠᠮ ᠳᠤ ᠪᠠᠨ ᠬᠤᠪᠢ ᠬᠥᠮᠥᠨ ᠤ | ᠬᠠᠮᠠᠭᠠᠯᠠᠯᠲᠠ ᠶᠢ ᠰᠠᠶᠢᠲᠤᠷ ᠬᠢᠵᠦ᠂ ᠪᠤᠴᠠᠵᠤ ᠢᠷᠡᠭᠰᠡᠨ ᠤ ᠳᠠᠷᠠᠭ᠎ᠠ ᠨᠡᠶᠢᠭᠡᠮ ᠲᠣᠭᠤᠷᠢᠭ ᠲᠤ ᠬᠠᠮᠵᠢᠯᠴᠠᠨ ᠵᠣᠬᠢᠬᠤ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ᠂ ᠭᠠᠳᠠᠷ | ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠥᠷᠭᠡᠨ ᠣᠯᠠᠨ ᠲᠦᠮᠡᠨ ᠳᠤ ᠥᠪᠡᠷ ᠤᠨ ᠪᠡᠶ᠎ᠡ ᠪᠣᠯᠣᠨ | ᠭᠡᠷ ᠤᠨ ᠬᠥᠮᠥᠰ ᠤᠨ ᠢᠶᠠᠨ ᠪᠡᠶ᠎ᠡ ᠶᠢᠨ ᠪᠠᠶᠢᠳᠠᠯ ᠢ ᠨᠢᠭᠲᠠ ᠠᠩᠬᠠᠷᠴᠤ᠂ ᠬᠡᠷᠪᠡ ᠬᠠᠯᠠᠭᠤᠷᠠᠬᠤ᠂ ᠬᠠᠭᠤᠷᠠᠢ ᠬᠠᠨᠢᠶᠠᠬᠤ᠂ | ᠲᠠᠮᠢᠷᠳᠠᠬᠤ᠂ ᠬᠤᠭᠤᠯᠠᠢ ᠡᠪᠡᠳᠬᠦ ᠵᠡᠷᠭᠡ ᠡᠪ ᠦᠭᠡᠢ ᠪᠠᠶᠢᠳᠠᠯ ᠭᠠᠷᠪᠠᠯ᠂ ᠳᠠᠷᠤᠶᠢᠬᠠᠨ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠢ ᠪᠥᠭᠡᠳ ᠡᠮᠴᠢ ᠳᠤ | ᠣᠶᠢᠷᠠᠲᠤᠭᠰᠠᠨ ᠲᠡᠦᠬᠡ ᠪᠠ ᠵᠢᠭᠤᠯᠴᠢᠯᠠᠨ ᠰᠠᠭᠤᠭᠰᠠᠨ ᠲᠡᠦᠬᠡ ᠪᠠᠨ ᠰᠠᠨᠠᠭᠠᠴᠢᠯᠠᠭ᠎ᠠ ᠠᠴᠠ ᠪᠠᠨ ᠮᠡᠳᠡᠭᠳᠡᠵᠦ᠂ | ᠡᠮᠨᠡᠭᠦᠯᠬᠦ ᠵᠠᠮ ᠳᠠᠭᠠᠨ ᠠᠮᠠᠪᠴᠢ ᠵᠡᠭᠦᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ | ᠵᠠᠶᠢᠯᠠᠰᠬᠢᠬᠦ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃ | ᠵᠢᠷᠭᠤᠭ᠎ᠠ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠳᠠᠷᠢᠬᠤ ᠪᠣᠯ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠢ ᠰᠡᠷᠭᠡᠶᠢᠯᠡᠬᠦ ᠴᠢᠬᠤᠯᠠ ᠠᠷᠭ᠎ᠠ ᠪᠠᠷᠢᠯ ᠮᠥᠨ᠂ ᠪᠦᠬᠦ ᠶᠠᠪᠤᠴᠠ ᠶᠢᠨ ᠰᠢᠨ᠎ᠡ ᠲᠢᠳᠢᠮᠯᠢᠭ ᠸᠢᠷᠦ᠋ᠰ ᠤᠨ | ᠸᠠᠺᠼᠢᠨ ᠢ ᠳᠠᠷᠢᠪᠠᠯ ᠡᠪᠡᠳᠴᠢᠨ ᠬᠦᠨᠳᠦᠷᠡᠬᠦ ᠨᠣᠷᠮ᠎ᠠ ᠪᠠ ᠦᠬᠦᠯᠲᠡ ᠶᠢᠨ ᠨᠣᠷᠮ᠎ᠠ ᠶᠢ ᠪᠦᠲᠦᠮᠵᠢᠲᠡᠶ | ᠪᠠᠭᠤᠷᠠᠭᠤᠯᠵᠤ ᠪᠣᠯᠣᠨ᠎ᠠ᠂ ᠲᠠᠷᠢᠯᠭ᠎ᠠ ᠶᠢᠨ ᠨᠥᠬᠦᠴᠡᠯ ᠳᠤ ᠨᠡᠶᠢᠴᠡᠵᠦ ᠲᠠᠷᠢᠯᠭ᠎ᠠ ᠶᠢᠨ ᠡᠭᠦᠷᠭᠡ ᠪᠠᠨ ᠪᠡᠶᠡᠯᠡᠭᠦᠯᠦᠭᠡᠳᠦᠢ | ᠥᠷᠭᠡᠨ ᠣᠯᠠᠨ ᠰᠠᠭᠤᠭᠠᠯᠢ ᠠᠷᠠᠳ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠢᠳᠡᠪᠬᠢᠲᠡᠢ ᠲᠠᠷᠢᠵᠤ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠪᠥᠬᠦ ᠬᠥᠮᠥᠰ ᠤᠨ ᠡᠪᠡᠳᠴᠢᠨ ᠢ ᠡᠰᠡᠷᠭᠦᠴᠡᠬᠦ ᠬᠠᠯᠬᠠᠪᠴᠢ ᠶᠢ ᠬᠠᠮᠲᠤᠪᠠᠷ | ᠪᠠᠬᠢᠵᠢᠭᠦᠯᠦᠶ᠎ᠡ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ | ᠭᠠᠵᠠᠷ ᠤᠨ ᠤᠲᠠᠰᠤ᠄ 0470 - 6400090 | ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ | ᠤᠲᠠᠰᠤ᠄ 047- 6402436 | ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠬᠤ ᠡᠭᠦᠳᠡᠨ | ᠡᠮᠨᠡᠯᠭᠡ ᠶᠢᠨ ᠤᠲᠠᠰᠤ᠄ 0470 - 6401976 | | | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 4 ᠰᠠᠷ᠎ᠠ ᠶᠢᠨ 23 ᠤ ᠡᠳᠦᠷ | | |