ᠬᠠᠷᠢᠶ᠎ᠠ ᠣᠷᠣᠨ ᠤ ᠮᠠᠯᠴᠢᠳ ᠤᠨ ᠸᠠᠺᠼᠢᠨ ᠤ ᠲᠠᠷᠢᠯᠭ᠎ᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠵᠤ | ᠲᠥᠯ ᠤᠨ ᠶᠠᠭᠠᠷᠠᠤ ᠬᠤᠭᠤᠴᠠᠭᠠᠨ ᠳᠠᠬᠢ ᠸᠠᠺᠼᠢᠨ ᠲᠠᠷᠢᠬᠤ ᠨᠣᠷᠮ᠎ᠠ ᠶᠢ ᠳᠡᠭᠡᠭᠰᠢᠯᠡᠭᠦᠯᠵᠦ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠠᠯᠬᠠᠪᠴᠢ ᠶᠢ ᠦᠨᠡᠨᠬᠦ ᠪᠠᠬᠢᠵᠢᠭᠦᠯᠬᠦ ᠶᠢᠨ ᠲᠦᠯᠦᠭᠡ᠂ ᠣᠶᠢᠷ᠎ᠠ ᠶᠢᠨ ᠡᠳᠦᠷ ᠳᠠᠯᠠᠢ ᠰᠣᠮᠣ | ᠸᠠᠺᠼᠢᠨ ᠤ ᠲᠠᠷᠢᠯᠭ᠎ᠠ ᠶᠢᠨ ᠡᠭᠦᠳᠡᠨ ᠳᠤᠨᠢ ᠬᠦᠷᠴᠦ ᠦᠢᠯᠡᠴᠢᠯᠡᠬᠦ ᠠᠵᠢᠯᠯᠠᠭ᠎ᠠ ᠦᠷᠨᠢᠭᠦᠯᠪᠡ᠃ | | | | ᠲᠠᠷᠢᠯᠭ᠎ᠠ ᠶᠢᠨ ᠲᠤᠬᠠᠢ ᠶᠢᠨ ᠲᠠᠯᠠᠪᠤᠷ ᠲᠤ᠂ ᠬᠤᠰᠢᠭᠤ ᠰᠣᠮᠣ ᠬᠤᠶᠠᠷ ᠱᠠᠲᠤᠨ ᠤ ᠡᠮᠨᠡᠯᠭᠡ ᠶᠢᠨ ᠡᠮᠴᠢ | ᠠᠵᠢᠯᠲᠠᠳ ᠤᠨ ᠵᠢᠯᠣᠭᠤᠳᠣᠯᠭ᠎ᠠ ᠪᠠᠷ ᠲᠠᠷᠢᠯᠭ᠎ᠠ ᠬᠢᠯᠭᠡᠭᠴᠢᠳ ᠺᠤᠳ᠋ ᠰᠢᠷᠪᠢᠨ ᠳᠠᠩᠰᠠᠯᠠᠭᠤᠯᠵᠤ᠂ ᠠᠮᠠᠪᠴᠢ ᠵᠡᠭᠦᠨ᠂ | ᠨᠢᠭᠡ ᠮᠧᠲᠷ ᠤᠨ ᠵᠠᠶᠢᠲᠠᠢ ᠮᠦᠷᠯᠡᠵᠦ᠂ ᠸᠠᠺᠼᠢᠨ ᠤ ᠲᠠᠷᠢᠯᠭ᠎ᠠ ᠶᠢᠨ ᠠᠵᠢᠯ ᠡᠮᠬᠢ ᠴᠡᠭᠴᠡᠲᠡᠢ ᠶᠠᠪᠤᠭᠳᠠᠨ | ᠲᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠦᠨᠡᠨᠬᠦ ᠪᠠᠲᠤᠯᠠᠪᠠ᠃ | | | | ᠳᠠᠯᠠᠢ ᠰᠣᠮᠣ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠭᠤᠶᠢᠪᠢᠰᠢ ᠦᠭᠡᠢ ᠪᠠᠷᠢᠮᠲᠠᠯᠠᠨ᠂ ᠪᠠᠶᠢᠩᠭᠤ ᠶᠢᠨ | ᠴᠢᠨᠠᠷᠲᠠᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠂ ᠦᠷᠬᠦᠯᠵᠢᠯᠡᠨ ᠮᠠᠯᠴᠢᠨ ᠲᠦᠮᠡᠨ ᠢ ᠳᠠᠶᠢᠴᠢᠯᠠᠵᠤ | ᠸᠠᠺᠼᠢᠨ ᠲᠠᠷᠢᠭᠤᠯᠤᠨ᠂ ᠸᠠᠺᠼᠢᠨ ᠤ ᠲᠠᠷᠢᠯᠭ᠎ᠠ ᠶᠢᠨ ᠠᠵᠢᠯ ᠢ ᠦᠨᠡᠨᠬᠦ ᠨᠠᠷᠢᠯᠢᠭ ᠪᠣᠳᠠᠲᠠᠢ ᠠᠳᠬᠤᠵᠤ᠂ ᠸᠠᠺᠼᠢᠨ | ᠲᠠᠷᠢᠬᠤ ᠠᠵᠢᠯ ᠢ ᠨᠢᠭᠡᠳᠦᠯᠲᠡᠢ ᠲᠦᠯᠦᠪᠯᠡᠨ ᠠᠬᠢᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ | ᠲᠣᠣᠷ︾ ᠢ ᠪᠠᠬᠢᠵᠢᠭᠦᠯᠪᠡ᠃ | | |